ᠮᠠᠨ ᠤ ᠣᠷᠣᠨ ᠤ ᠬᠢᠯᠢ ᠬᠢᠵᠠᠭᠠᠷ ᠲᠤ ᠪᠠᠶᠢᠷᠢᠰᠢᠭ᠎ᠠ 131 ᠠᠶᠢᠯ ᠲᠤᠰᠬᠤᠨ ᠳᠤ ᠴᠥᠮ ᠰᠢᠤᠳᠠᠨ ᠤ | ᠱᠤᠭᠤᠮ ᠢ ᠨᠡᠪᠲᠡᠷᠡᠭᠦᠯᠪᠡ᠃ ᠬᠢᠯᠢ ᠬᠢᠵᠠᠭᠠᠷ ᠣᠷᠣᠨ ᠳᠠᠬᠢ ᠣᠯᠠᠨ ᠲᠦᠮᠡᠨ ᠤ ᠰᠢᠤᠳᠠᠨ ᠤ ᠬᠡᠷᠡᠭᠴᠡᠭᠡ ᠶᠢ ᠨᠠᠩ | ᠰᠠᠶᠢᠲᠤᠷ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠤᠪᠢᠶᠠᠷᠢ ᠺᠣᠮᠫᠠᠨᠢ ᠠᠴᠠ | ᠬᠢᠯᠢ ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ ᠣᠷᠣᠨ ᠳᠠᠬᠢ ᠰᠢᠤᠳᠠᠨ ᠤ ᠱᠤᠭᠤᠮ ᠢ ᠨᠡᠪᠲᠡᠷᠡᠭᠦᠯᠬᠦ | ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ 2021 ᠣᠨ ᠳᠤ ᠬᠢᠯᠢ ᠬᠢᠵᠠᠭᠠᠷ ᠲᠡᠯᠡᠶ ᠲᠠᠩᠭᠢᠰ ᠤᠨ | ᠬᠠᠮᠠᠭᠠᠯᠠᠯᠲᠠ ᠶᠢᠨ ᠣᠷᠣᠨ ᠳᠤ ᠰᠢᠤᠳᠠᠨ ᠤ ᠱᠤᠭᠤᠮ ᠢ 17 ᠵᠣᠷᠪᠣᠰ ᠨᠡᠪᠲᠡᠷᠡᠭᠦᠯᠪᠡ᠂ 2022 ᠣᠨ ᠳᠤ | ᠰᠢᠯᠢ ᠶᠢᠨ ᠭᠤᠤᠯ ᠠᠶᠢᠮᠠᠭ᠂ ᠬᠢᠩᠭᠠᠨ ᠠᠶᠢᠮᠠᠭ ᠤᠨ ᠬᠢᠯᠢ ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ | ᠣᠷᠣᠨ ᠳᠤ ᠰᠢᠤᠳᠠᠨ ᠤ ᠱᠤᠭᠤᠮ ᠢ ᠨᠡᠪᠲᠡᠷᠡᠭᠦᠯᠪᠡ᠂ 2024 ᠣᠨ ᠳᠤ ᠬᠢᠯᠢ ᠬᠢᠵᠠᠭᠠᠷ ᠲᠡᠯᠡᠶ ᠲᠠᠩᠭᠢᠰ ᠤᠨ | ᠬᠠᠮᠠᠭᠠᠯᠠᠯᠲᠠ ᠶᠢᠨ 71 ᠴᠡᠭ ᠪᠠᠶᠢᠷᠢ ᠳᠤ ᠰᠢᠤᠳᠠᠨ ᠤ ᠱᠤᠭᠤᠮ ᠨᠡᠪᠲᠡᠷᠡᠭᠦᠯᠪᠡ᠂ ᠪᠥᠬᠦ ᠵᠢᠯ ᠳᠠᠬᠢ ᠬᠦᠷᠭᠡᠯᠲᠡ ᠶᠢᠨ | ᠵᠠᠢ ᠨᠢ 396.7 ᠲᠦᠮᠡᠨ ᠺᠢᠯᠤᠮᠧᠲᠷ ᠲᠤ ᠬᠦᠷᠴᠦ᠂ ᠬᠢᠯᠢ ᠶᠢᠨ ᠪᠠᠶᠢᠭᠤᠯᠤᠮᠵᠢᠲᠤ ᠲᠣᠰᠬᠤᠨ ᠪᠠ ᠬᠢᠯᠢ ᠶᠢᠨ | ᠬᠠᠮᠠᠭᠠᠯᠠᠯᠲᠠ ᠶᠢᠨ ᠴᠡᠷᠢᠭ ᠠᠩᠭᠢ ᠳᠤ ᠰᠣᠨᠢᠨ ᠰᠡᠳᠬᠦᠯ᠂ ᠭᠤᠪᠢᠭᠤᠯᠭ᠎ᠠ᠂ ᠵᠠᠬᠢᠳᠠᠯ ᠬᠦᠷᠭᠡᠭᠰᠡᠨ ᠶᠡᠷᠦᠩᠬᠡᠢ ᠲᠤᠭ᠎ᠠ | ᠵᠠᠭᠤᠨ ᠲᠦᠮᠡ ᠶᠢ ᠳᠠᠪᠠᠭᠰᠠᠨ ᠪᠠᠶᠢᠨ᠎ᠠ᠃ ᠡᠨᠡ ᠵᠢᠯ ᠤᠨ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ | ᠣᠷᠣᠨ ᠤ ᠬᠢᠯᠢ ᠬᠢᠵᠠᠭᠠᠷ ᠲᠤ ᠪᠠᠶᠢᠷᠢᠰᠢᠭ᠎ᠠ 131 ᠠᠶᠢᠯ ᠲᠣᠰᠬᠤᠨ ᠳᠤ ᠰᠢᠦᠳᠠᠨ ᠢᠶᠠᠷ ᠨᠡᠶᠢᠳᠡᠮ ᠳᠤ ᠨᠢ | ᠦᠢᠯᠡᠴᠢᠯᠡᠬᠦ ᠶᠢ ᠪᠦᠬᠦᠨ ᠢ ᠪᠦᠷᠬᠦᠭᠦᠯᠵᠦ᠂ ᠬᠢᠯᠢ ᠶᠢᠨ ᠪᠠᠶᠢᠭᠤᠯᠤᠮᠵᠢᠲᠤ ᠲᠣᠰᠬᠤᠨ ᠪᠠ ᠬᠢᠯᠢ ᠶᠢᠨ | ᠬᠠᠮᠠᠭᠠᠯᠠᠯᠲᠠ ᠶᠢᠨ ᠴᠡᠷᠢᠭ ᠠᠩᠭᠢ ᠳᠤ ᠦᠢᠯᠡᠴᠢᠯᠡᠬᠦ ᠰᠢᠦᠳᠠᠨ ᠤ ᠵᠦᠢᠯ ᠢ ᠪᠦᠬᠦᠨ ᠢ ︽ᠲᠦᠷᠭᠡᠨ ᠬᠦᠷᠭᠡᠯᠲᠡ ᠪᠠᠷ | ᠲᠣᠰᠬᠤᠨ ᠳᠤ ᠨᠡᠪᠲᠡᠷᠡᠭᠦᠯᠬᠦ︾ ᠶᠢ ᠪᠡᠶᠡᠯᠡᠭᠦᠯᠪᠡ᠃ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶ |