ᠰᠠᠮᠠᠢ ᠰᠤᠮᠤ ᠨᠢ 2025 ᠣᠨ ᠤ ᠨᠢᠭᠡᠳᠦᠮᠡᠯ ᠹᠷᠣᠨᠲ ᠵᠢᠴᠢ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/22
      ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠤᠮᠤᠨ ᠤ ᠨᠢᠭᠡᠳᠦᠮᠡᠯ ᠹᠷᠣᠨᠲ ᠵᠢᠴᠢ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠰᠠᠮᠠᠢ ᠰᠤᠮᠤ ᠨᠢ 2025 ᠣᠨ ᠤ ᠨᠢᠭᠡᠳᠦᠮᠡᠯ ᠹᠷᠣᠨᠲ ᠵᠢᠴᠢ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ᠂ ᠪᠥᠬᠦ ᠺᠠᠳ᠋ᠷ ᠠᠵᠢᠯᠲᠠᠨ᠂ ᠭᠠᠴᠠᠭᠠᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠭᠡᠰᠢᠭᠦᠨ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠨᠢᠭᠡᠳᠦᠮᠡᠯ ᠹᠷᠣᠨᠲ ᠤᠨ ᠨᠡᠶᠢᠭᠡᠮ ᠤᠨ ᠤᠯᠤᠰ ᠲᠥᠷᠥ ᠬᠠᠤᠯᠢ ᠴᠠᠭᠠᠵᠠ ᠶᠢᠨ ᠣᠯᠠᠨ ᠲᠦᠮᠡᠨ ᠤ ᠪᠦᠯᠬᠦᠮ ᠤᠨ ᠠᠵᠢᠯ ᠢ ᠵᠣᠬᠢᠶᠠᠨ ᠪᠠᠶᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠪᠥᠬᠦ ᠰᠤᠮᠤᠨ ᠤ ᠨᠢᠭᠡᠳᠦᠮᠡᠯ ᠹᠷᠣᠨᠲ ᠵᠢᠴᠢ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠳ᠋ᠦᠩᠨᠡᠵᠦ᠂ 2025 ᠣᠨ ᠤ ᠪᠥᠬᠦ ᠰᠤᠮᠤᠨ ᠤ ᠨᠢᠭᠡᠳᠦᠮᠡᠯ ᠹᠷᠣᠨᠲ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠢᠭᠡ ᠳᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠥᠷᠭᠡᠨ ᠤᠯᠠᠨ ᠲᠦᠮᠡᠨ ᠵᠢᠴᠢ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠤᠨ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠬᠦ ᠶᠢ ᠬᠦᠳᠦᠯᠦᠨ ᠵᠢᠯᠣᠭᠤᠳᠴᠤ᠂ ᠬᠠᠮᠲᠤ ᠪᠠᠷ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠨᠠᠮ ᠤᠨ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠵᠦ᠂ ᠦᠨᠳᠦᠰᠦᠨ ᠱᠠᠲᠤᠨ ᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠭᠡᠮ ᠳᠤ ᠦᠢᠯᠡᠴᠢᠯᠡᠬᠦ ᠳᠤ ᠢᠳᠡᠪᠬᠢᠲᠡᠢ ᠣᠷᠣᠯᠴᠠᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠰᠤᠮᠤᠨ ᠤ ᠡᠳᠦᠷ ᠲᠤᠲᠤᠮ ᠤᠨ ᠠᠵᠢᠯ ᠤᠨ ᠡᠯ᠎ᠡ ᠭᠤᠭᠴᠤᠭ᠎ᠠ ᠳᠤ ᠪᠥᠬᠦ ᠲᠠᠯ᠎ᠠ ᠪᠠᠷ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ︾ ᠠᠵᠢᠯᠯᠠᠭ᠎ᠠ᠂ ︽ᠨᠢᠭᠡ ᠭᠠᠷᠠᠭ ᠬᠤᠶᠠᠷ ᠰᠠᠷ᠎ᠠ︾ ᠶᠢᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠭᠦᠳᠦᠨ ᠪᠠᠶᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠨᠢᠭᠡᠳᠦᠮᠡᠯ ᠹᠷᠣᠨᠲ ᠤᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ ᠪᠥᠬᠦ ᠰᠤᠮᠤᠨ ᠤ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠷᠮᠠᠶᠢᠨ ᠠᠬᠢᠭᠤᠯᠤᠨ᠎ᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号