ᠨᠠᠮ ᠤᠨ ᠲᠤᠭ ᠤᠨ ᠳᠣᠣᠷ᠎ᠠ ᠨᠢᠭᠲᠠᠷᠠᠵᠤ᠂ ᠨᠡᠭᠦᠳᠡᠯ ᠦᠢᠯᠡᠴᠢᠯᠡᠭᠡ ᠳᠤᠮᠳᠠ ᠭᠡᠷᠡᠯ ᠭᠢᠯᠪᠠᠭ᠎ᠠ ᠪᠠᠨ | ᠰᠠᠴᠤᠷᠠᠭᠤᠯᠤᠨ᠎ᠠ᠃ ᠥᠷᠭᠡᠨ ᠠᠭᠤᠳᠠᠮ ᠰᠠᠮᠠᠢ ᠨᠤᠲᠤᠭ ᠤᠨ ᠲᠠᠯ᠎ᠠ ᠨᠤᠲᠤᠭ ᠲᠤ᠂ ᠵᠠᠷᠢᠮ ᠭᠠᠵᠠᠷ ᠣᠷᠣᠨ ᠢᠶᠠᠷ | ᠵᠠᠮ ᠬᠠᠷᠢᠯᠴᠠᠭ᠎ᠠ ᠳᠥᠭᠦᠮ ᠦᠭᠡᠢ ᠠᠴᠠ ᠪᠣᠯᠵᠤ ᠤᠯᠠᠨ ᠲᠦᠮᠡᠨ ᠤᠴᠢᠷ ᠶᠠᠪᠤᠳᠠᠯ ᠪᠦᠲᠦᠭᠡᠬᠦ ᠳᠤ ᠬᠦᠴᠢᠷ᠂ ᠵᠠᠷᠢᠮ | ᠬᠡᠷᠡᠭᠴᠡᠭᠡ ᠱᠠᠭᠠᠷᠳᠠᠯᠭ᠎ᠠ ᠶᠢᠨ ᠲᠠᠷᠠᠬᠠᠢ ᠪᠤᠲᠠᠷᠬᠠᠢ ᠠᠴᠠ ᠪᠣᠯᠵᠤ᠂ ᠡᠩ ᠤᠨ ᠠᠷᠭ᠎ᠠ ᠮᠠᠶ᠋ᠢᠭ ᠢᠶᠠᠷ ᠴᠠᠭ ᠲᠤᠬᠠᠢ | ᠳᠤᠨᠢ ᠬᠠᠩᠭᠠᠬᠤ ᠳᠤ ᠪᠡᠷᠬᠡᠲᠡᠢ ᠪᠠᠶᠢᠳᠠᠭ᠃ ᠡᠨᠡᠬᠦ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ᠂ | ᠰᠠᠮᠠᠢ ᠰᠣᠮᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠤᠯᠠᠨ | ᠲᠠᠯ᠎ᠠ ᠶᠢᠨ ᠬᠦᠴᠦᠨ ᠢ ᠬᠤᠷᠠᠮᠳᠤᠭᠤᠯᠤᠨ᠂ ᠰᠢᠨ᠎ᠡ ᠠᠷᠭ᠎ᠠ ᠰᠡᠳᠬᠢᠴᠡ ᠶᠢ ᠬᠠᠮᠲᠤᠪᠠᠷ ᠵᠥᠪᠯᠡᠵᠦ᠂ ᠥᠪᠡᠷᠮᠢᠴᠡ | ᠣᠨᠴᠠᠯᠢᠭ ᠲᠠᠢ ᠨᠡᠭᠦᠳᠡᠯ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ᠂ ᠦᠨᠳᠦᠰᠦᠨ ᠱᠠᠲᠤᠨ ᠤ | ᠵᠠᠰᠠᠯᠲᠠ ᠳᠤ ᠬᠥᠳᠡᠯᠭᠡᠬᠦ ᠬᠦᠴᠦᠨ ᠨᠡᠮᠡᠷᠢᠯᠡᠵᠡᠢ᠃ | ᠨᠡᠭᠦᠳᠡᠯ ᠦᠢᠯᠡᠴᠢᠯᠡᠭᠡᠨ ᠤ ᠠᠩᠭᠢ ᠨᠢ ᠨᠠᠮ ᠤᠨ ᠭᠡᠰᠢᠭᠦᠨ ᠭᠤᠣᠯᠯᠠᠬᠤ ᠡᠷᠦᠬᠡ᠂ ᠤᠯᠠᠭᠠᠨ ᠪᠠᠬᠢᠯᠡᠯᠲᠡ ᠶᠢᠨ | ᠡᠷᠦᠬᠡ ᠪᠠᠷ ᠭᠤᠣᠯ ᠪᠣᠯᠭᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠮᠠᠯ ᠠᠵᠤ ᠠᠬᠤᠢ ᠶᠢᠨ ᠲᠤᠰᠬᠠᠢ | ᠮᠡᠷᠭᠡᠵᠢᠯᠲᠡᠨ᠂ ᠡᠮᠴᠢ ᠰᠤᠪᠢᠯᠠᠭᠴᠢ᠂ ᠴᠡᠷᠢᠭ ᠴᠠᠭᠳᠠᠭ᠎ᠠ ᠣᠷᠣᠨ ᠨᠤᠲᠤᠭ ᠠᠵᠤ ᠠᠬᠤᠶᠢᠯᠠᠯ ᠤᠨ ᠠᠵᠢᠯᠲᠠᠨ᠂ | ᠭᠠᠴᠠᠭᠠᠨ ᠤ ︽ᠬᠤᠶᠠᠷ ᠵᠥᠪᠯᠡᠯ︾ ᠵᠡᠷᠭᠡ ᠬᠥᠮᠥᠰ ᠢᠶᠠᠷ ᠭᠡᠰᠢᠭᠦᠨ ᠪᠣᠯᠭᠠᠨ᠂ ᠮᠣᠷᠢ ᠤᠨᠤᠭ᠎ᠠ᠂ ᠮᠣᠲ᠋ᠣᠷ ᠲᠡᠷᠭᠡ | ᠪᠠ ᠠᠪᠴᠤ ᠶᠠᠪᠤᠬᠤ ᠳᠤ ᠲᠥᠬᠦᠮ ᠲᠥᠬᠦᠭᠡᠷᠦᠮᠵᠢ ︵ᠵᠢᠱᠢᠶᠡᠯᠡᠪᠡᠯ ᠲᠦᠷᠭᠡᠨ ᠠᠪᠤᠷᠠᠯᠳᠠ ᠶᠢᠨ ᠬᠠᠶᠢᠷᠴᠠᠭ᠂ | ᠲᠤᠰᠬᠠᠯᠲᠠ ᠶᠢᠨ ᠮᠠᠰᠢᠨ︶ ᠵᠡᠷᠭᠡ ᠶᠢ ᠲᠣᠬᠢᠷᠠᠭᠤᠯᠤᠨ᠂ ᠪᠣᠰᠬᠠᠬᠤ ᠳᠤ ᠳᠥᠬᠦᠮ ᠠᠨᠠᠷ ᠤᠨ ᠦᠷ᠎ᠡ ᠨᠡᠭᠦᠳᠡᠯ | ᠦᠢᠯᠡᠴᠢᠯᠡᠭᠡᠨ ᠤ ᠥᠷᠦᠭᠡ ᠪᠠᠷ ᠬᠦᠳᠡᠯᠭᠡᠭᠡᠨ ᠤ ᠲᠠᠪᠴᠠᠩ ᠪᠣᠯᠭᠠᠵᠤ᠂ ᠦᠢᠯᠡᠴᠢᠯᠡᠭᠡ ᠶᠢ ᠲᠠᠰ ᠳᠡᠪᠰᠢᠭᠦᠯᠵᠦ᠂ | ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ᠎ᠠ᠃ | ᠨᠡᠭᠦᠳᠡᠯ ᠦᠢᠯᠡᠴᠢᠯᠡᠭᠡ ᠨᠢ ᠨᠠᠷᠢᠯᠢᠭ ᠣᠨᠣᠪᠴᠢᠲᠠᠢ ᠪᠠ ᠥᠨᠳᠥᠷ ᠪᠦᠲᠦᠮᠵᠢᠲᠡᠶ ᠪᠠᠶᠢᠬᠤ ᠶᠢ ᠡᠷᠬᠢᠮᠯᠡᠨ᠂ | ︽ᠣᠯᠠᠨ ᠲᠦᠮᠡᠨ ᠬᠠᠮᠢᠭ᠎ᠠ ᠪᠠᠶᠢᠪᠠᠯ᠂ ᠦᠢᠯᠡᠴᠢᠯᠡᠭᠡ ᠳᠠᠷᠤᠢ ᠲᠡᠨᠳᠡ ᠬᠦᠷᠬᠦ︾ ᠠᠵᠢᠯ ᠤᠨ ᠰᠢᠵᠢᠮ ᠢ | ᠪᠠᠷᠢᠮᠲᠠᠯᠠᠵᠤ᠂ ᠮᠠᠯᠵᠢᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠳᠤᠭᠤ ᠳᠡᠯᠯᠡᠬᠦ᠂ ᠲᠥᠯ ᠲᠣᠰᠬᠤ | ᠂ ᠬᠤᠨᠢ ᠬᠠᠶᠢᠴᠢᠯᠠᠬᠤ᠂ ᠡᠪᠡᠰᠦ ᠬᠠᠳᠤᠬᠤ ᠵᠡᠷᠭᠡ ᠮᠠᠯᠴᠢᠨ ᠲᠦᠮᠡᠨ ᠤ ᠲᠥᠪᠯᠡᠷᠡᠩᠭᠦᠢ ᠬᠥᠳᠡᠯᠮᠦᠷᠢ ᠬᠢᠬᠦ | ᠭᠠᠵᠠᠷ ᠲᠤ ᠦᠢᠯᠡᠴᠢᠯᠡᠭᠡᠨ ᠤ ᠠᠩᠭᠢ ︽ᠠᠨᠠᠷ ᠤᠨ ᠦᠷ᠎ᠡ ᠨᠡᠭᠦᠳᠡᠯ ᠦᠢᠯᠡᠴᠢᠯᠡᠭᠡᠨ ᠤ ᠥᠷᠦᠭᠡ︾ ᠪᠠᠨ ᠠᠪᠴᠤ | ᠲᠡᠨᠳᠡ ᠬᠦᠷᠦᠨ᠂ ᠮᠠᠯᠴᠢᠳ ᠲᠠᠢ ᠬᠠᠮᠲᠤ ᠬᠦᠳᠡᠯᠮᠦᠷᠢᠯᠡᠬᠦ ᠶᠢᠨ ᠬᠠᠮᠲᠤ᠂ ᠰᠤᠯᠠ ᠰᠡᠯᠡᠭᠦᠦ ᠴᠠᠭ ᠢᠶᠠᠷ ᠨᠢ | ᠲᠡᠳᠡᠨ ᠳᠤ ᠤᠨᠤᠯ ᠤᠨ ᠤᠬᠠᠭᠤᠯᠭ᠎ᠠ ᠲᠠᠶᠢᠯᠪᠤᠷᠢᠯᠠᠯᠲᠠ᠂ ᠡᠮ ᠡᠮᠨᠡᠯᠭᠡ ᠂ ᠡᠳ᠋ ᠪᠣᠳᠠᠰ ᠣᠷᠣᠯᠠᠨ ᠬᠤᠳᠠᠯᠳᠤᠨ | ᠠᠪᠬᠤ᠂ ᠲᠦᠷ ᠴᠠᠭ ᠤᠨ ᠠᠮᠠᠷᠠᠯᠲᠠ ᠶᠢᠨ ᠦᠷᠲᠡᠭᠡ ᠵᠡᠷᠭᠡ ᠦᠢᠯᠡᠴᠢᠯᠡᠭᠡ ᠬᠠᠩᠭᠠᠵᠤ᠂ ᠡᠨᠡᠬᠦ ︽ᠨᠡᠭᠦᠳᠡᠯ | ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ︾ ᠢ ᠮᠠᠯᠵᠢᠬᠤ ᠣᠷᠣᠨ ᠤ ᠤᠯᠠᠨ ᠲᠦᠮᠡᠨ ᠤ ︽ | ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠥᠷᠦᠭᠡ ᠪᠣᠯᠭᠠᠨ᠎ᠠ︾᠃ | ᠡᠭᠦᠨ ᠤ ᠬᠠᠮᠲᠤ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ᠂ ᠲᠡᠵᠢᠭᠡᠨ ᠦᠷᠡᠵᠢᠭᠦᠯᠬᠦ | ᠮᠡᠷᠭᠡᠵᠢᠯ ᠤᠨ ᠵᠢᠯᠣᠭᠤᠳᠤᠯᠭ᠎ᠠ ᠬᠢᠬᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠲᠠᠯ᠎ᠠ ᠪᠠᠷ | ᠭᠤᠣᠯᠳᠠᠭᠤᠯᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠤᠯᠠᠨ ᠲᠦᠮᠡᠨ ᠤ ᠬᠥᠮᠦᠵᠢᠯ ᠢ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠭᠡᠨ ᠤ ᠠᠵᠢᠯ ᠲᠠᠢ | ᠣᠷᠭᠠᠨᠢᠭ ᠢᠶᠠᠷ ᠤᠶᠠᠯᠳᠤᠭᠤᠯᠵᠤ᠂ ︽1258︾ ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ ᠢ | ᠠᠭᠤᠰᠤᠯᠴᠠᠭᠤᠯᠬᠤ ᠨᠠᠮ ᠤᠨ ᠪᠠᠶᠢᠭᠤᠯᠤᠯᠲᠠ ᠶᠢᠨ ᠵᠠᠭᠪᠤᠷ ᠢ ᠭᠦᠨᠵᠡᠭᠡᠶᠢᠷᠡᠭᠦᠯᠦᠨ᠂ ᠬᠠᠮᠲᠤᠪᠠᠷ ᠪᠠᠶᠢᠭᠤᠯᠬᠤ᠂ ᠡᠬᠢ | ᠪᠠᠶᠠᠯᠢᠭ ᠢ ᠨᠢᠭᠡᠳᠬᠡᠬᠦ᠂ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠪᠠᠷ ᠳᠠᠮᠵᠢᠨ᠂ ᠤᠯᠠᠨ | ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠤᠨ ᠬᠦᠴᠢᠷ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠲᠠᠯ᠎ᠠ ᠨᠤᠲᠤᠭ ᠳᠤ ᠪᠠᠳᠠᠷᠠᠭᠤᠯᠤᠨ | ᠳᠡᠯᠭᠡᠷᠡᠭᠦᠯᠦᠨ᠎ᠡ᠃ | ᠳᠠᠷᠠᠭᠠᠴᠢ ᠶᠢᠨ ᠠᠯᠬᠤᠮ ᠳᠤ᠂ ᠰᠠᠮᠠᠢ ᠰᠤᠮᠤ ᠨᠢ ᠦᠢᠯᠡᠴᠢᠯᠡᠭᠡᠨ ᠤ ᠵᠠᠭᠪᠤᠷ ᠢᠶᠠᠨ ᠲᠠᠰᠤᠷᠠᠯᠲᠠ ᠦᠭᠡᠢ | ᠰᠢᠨᠡᠴᠢᠯᠡᠵᠦ᠂ ᠦᠢᠯᠡᠴᠢᠯᠡᠭᠡᠨ ᠤ ᠠᠭᠤᠯᠭ᠎ᠠ ᠪᠠᠨ ᠪᠠᠶᠠᠯᠢᠨᠵᠢᠭᠤᠯᠤᠨ᠂ ᠦᠨᠳᠦᠰᠦᠨ ᠱᠠᠲᠤᠨ ᠤ ᠡᠯ᠎ᠡ ᠥᠨᠴᠥᠭ | ᠪᠤᠯᠤᠩ ᠳᠤ ᠦᠷᠭᠦᠯᠵᠢᠯᠡᠨ ᠬᠥᠭᠵᠢᠶᠡᠨᠲᠡᠢ ᠠᠵᠢᠯᠯᠠᠵᠤ᠂ ᠮᠠᠯᠴᠢᠨ ᠲᠦᠮᠡᠨ ᠳᠤ ᠨᠡᠩ ᠤᠯᠠᠨ ᠦᠢᠯᠡᠴᠢᠯᠡᠭᠡ | ᠠᠪᠴᠢᠷᠠᠨ᠂ ᠪᠦᠬᠦ ᠰᠣᠮᠣᠨ ᠤ ᠠᠵᠢᠯ ᠢ ᠨᠡᠩ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠭᠠᠵᠤ᠂ | ︽ᠰᠡᠳᠬᠢᠯ ᠢ ᠬᠤᠯᠪᠤᠬᠤ ᠬᠥᠭᠦᠷᠭᠡ︾ ᠶᠢ ᠨᠡᠩ ᠪᠠᠲᠤ ᠪᠠᠬᠢ ᠪᠣᠯᠭᠠᠨ᠂ ᠨᠠᠮ ᠪᠠ ᠤᠯᠠᠨ ᠲᠦᠮᠡᠨ ᠤ | ᠬᠠᠷᠢᠴᠠᠭ᠎ᠠ ᠶᠢ ᠨᠡᠩ ᠨᠢᠭᠲᠠᠷᠠᠭᠤᠯᠬᠤ ᠪᠠᠷ ᠴᠢᠷᠮᠠᠶᠢᠨ᠎ᠠ᠃ |