ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠬᠤᠶᠠᠷ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 18 ᠤ ᠡᠳᠦᠷ᠂ ᠤᠯᠢᠶᠠᠰᠤᠲᠠᠢ | ᠪᠠᠯᠭᠠᠰᠤᠨ ᠤ ᠬᠦᠰᠡᠯ ᠤᠨ ᠴᠤᠤᠷᠢᠶ᠎ᠠ ᠰᠢᠭᠤᠳ ᠨᠡᠪᠲᠡᠷᠡᠭᠦᠯᠭᠡ ᠶᠢᠨ ᠳᠤᠮᠳᠠ ᠨᠢᠭᠡ ᠤᠳᠠᠭᠠᠨ ᠤ ᠥᠪᠡᠷᠮᠢᠴᠡ | ᠣᠨᠴᠠᠯᠢᠭ ᠲᠠᠢ ︽ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ︾ ᠢ ᠤᠭᠲᠤᠨ | ᠠᠪᠴᠢᠷᠠᠯ᠎ᠠ᠃ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠷᠳᠡᠨᠢᠳᠠᠯᠠᠢ ᠶᠢ ᠰᠢᠭᠤᠳ ᠨᠡᠪᠲᠡᠷᠡᠭᠦᠯᠭᠡ | ᠶᠢᠨ ᠲᠠᠰᠤᠭ ᠲᠤ ᠤᠷᠢᠵᠤ᠂ ᠦᠨᠳᠦᠰᠦᠨ ᠱᠠᠲᠤᠨ ᠤ ᠣᠯᠠᠨ ᠲᠦᠮᠡᠨ ᠲᠠᠢ ᠬᠤᠯᠪᠣᠭ᠎ᠠ ᠠᠪᠴᠤ᠂ ᠪᠥᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠨ᠂ ᠲᠥᠷᠥ ᠶᠢᠨ ᠪᠣᠳᠣᠯᠭ᠎ᠠ ᠶᠢᠨ | ᠴᠢᠩᠭ᠎ᠠ ᠲᠠᠭᠤᠨ ᠢ ᠳᠠᠮᠵᠢᠭᠤᠯᠵᠠᠢ᠃ | ᠡᠷᠳᠡᠨᠢᠳᠠᠯᠠᠢ ᠲᠥᠯᠥᠭᠡᠯᠡᠭᠴᠢ ᠬᠤᠷᠠᠯ ᠳᠤ ᠣᠷᠣᠯᠴᠠᠭᠰᠠᠨ ᠥᠩᠭᠡᠷᠡᠯᠲᠡ ᠲᠠᠢ ᠪᠠᠨ ᠤᠶᠠᠯᠳᠤᠭᠤᠯᠵᠤ᠂ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠦᠨᠳᠦᠰᠦᠨ ᠱᠠᠲᠤ ᠲᠠᠢ ᠨᠢᠭᠲᠠ | ᠬᠤᠯᠪᠣᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠤᠬᠠᠭᠤᠯᠤᠨ | ᠲᠠᠶᠢᠯᠪᠤᠷᠢᠯᠠᠵᠤ᠂ ᠲᠦᠷᠦ ᠶᠢᠨ ᠪᠣᠳᠣᠯᠭ᠎ᠠ ᠶᠢᠨ ᠭᠤᠤᠯᠳᠠᠯᠭᠠᠲᠤ ᠠᠭᠤᠯᠭ᠎ᠠ ᠶᠢ ᠠᠷᠠᠳ ᠲᠤ ᠲᠤᠭᠤᠯᠭᠠᠵᠠᠢ᠃ | ᠣᠬᠤᠷᠬᠠᠨ ᠨᠢᠭᠡ ᠴᠠᠭ ᠤᠨ ᠰᠢᠭᠤᠳ ᠨᠡᠪᠲᠡᠷᠡᠭᠦᠯᠭᠡ ᠨᠢ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠡᠭᠡᠯ | ᠠᠷᠠᠳ ᠤᠨ ᠭᠡᠷ ᠲᠤ ᠬᠦᠷᠭᠡᠭᠰᠡᠨ ᠢᠶᠠᠷ ᠪᠠᠷᠠᠬᠤ ᠦᠭᠡᠢ᠂ ᠨᠠᠩ ᠴᠤ ᠤᠯᠢᠶᠠᠰᠤᠲᠠᠢ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠣᠶᠤᠨ ᠤᠬᠠᠭᠠᠨ ᠢ | ᠨᠢᠭᠲᠠᠷᠠᠭᠤᠯᠬᠤ᠂ ᠪᠣᠳᠠᠲᠤ ᠶᠠᠪᠤᠳᠠᠯ ᠪᠦᠲᠦᠭᠡᠬᠦ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠦᠭᠰᠡᠨ ᠪᠠᠶᠢᠨ᠎ᠠ᠃ | 1200 ᠭᠠᠷᠤᠢ ᠬᠥᠮᠥᠨ ᠤᠳᠠᠭ᠎ᠠ ᠨᠡᠪᠳᠡᠷᠡᠭᠦᠯᠭᠡ ᠶᠢ ᠭᠦᠯᠢᠶᠡᠨ ᠦᠵᠡᠵᠤ᠂ 1.8 ᠲᠦᠮᠡᠨ ᠮᠠᠭᠲᠠᠭᠠᠯ | ᠲᠡᠮᠳᠡᠭ ᠤᠨ ᠠᠷᠤ ᠳᠤ᠂ ᠤᠯᠠᠨ ᠲᠦᠮᠡᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠢ | ᠮᠡᠳᠡᠷᠡᠵᠦ᠂ ᠨᠡᠩ ᠴᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠴᠢᠯᠡᠭᠡᠨ ᠤ | ᠬᠡᠯᠪᠡᠷᠢ ᠶᠢᠨ ᠰᠢᠨ᠎ᠡ ᠶᠢ ᠡᠭᠦᠳᠬᠦ ᠶᠢ ᠳᠡᠮᠵᠢᠭᠰᠡᠨ ᠪᠠᠶᠢᠨ᠎ᠠ᠃ ᠲᠣᠰ ᠤᠳᠠᠭᠠᠨ ᠤ ᠰᠢᠭᠤᠳ ᠨᠡᠪᠲᠡᠷᠡᠭᠦᠯᠭᠡ ᠪᠣᠯ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠢᠨᠲ᠋ᠧᠷ ᠰᠦᠯᠵᠢᠶ᠎ᠡ + ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ︾ ᠶᠢ ᠬᠠᠶᠢᠨ ᠰᠦᠪᠡᠭᠴᠢᠯᠡᠬᠦ ᠰᠢᠨ᠎ᠡ ᠦᠢᠯᠡᠳᠦᠯᠭᠡ ᠮᠥᠨ᠂ ᠬᠤᠶᠢᠰᠢᠳᠠ | ᠰᠦᠯᠵᠢᠶᠡᠨ ᠳᠡᠭᠡᠷᠡᠬᠢ ᠲᠠᠪᠴᠠᠩ ᠢ ᠦᠷᠭᠦᠯᠵᠢᠯᠡᠨ ᠰᠠᠶᠢᠲᠤᠷ ᠬᠡᠷᠡᠭᠯᠡᠵᠦ᠂ ᠨᠠᠩ ᠣᠯᠠᠨ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ᠂ ᠠᠷᠠᠳ ᠤᠨ ᠰᠠᠨᠠᠭ᠎ᠠ ᠶᠢ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠵᠦ᠂ | ᠲᠥᠯᠥᠭᠡᠯᠡᠭᠴᠢᠳ ᠪᠣᠯᠣᠨ ᠣᠯᠠᠨ ᠲᠦᠮᠡᠨ ᠢ ︽ᠴᠠᠭ ᠢᠮᠠᠭᠲᠠ ᠰᠦᠯᠵᠢᠶᠡᠨ ᠳᠡᠭᠡᠷ᠎ᠡ︾ ᠪᠠᠶᠢᠯᠭᠠᠵᠤ᠂ | ᠤᠯᠢᠶᠠᠰᠤᠲᠠᠢ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ ᠬᠠᠮᠲᠤ ᠪᠠᠷ | ᠵᠢᠷᠤᠭᠯᠠᠨ᠎ᠠ︕ |