ᠤᠯᠢᠶᠠᠰᠤᠲᠠᠢ ᠪᠠᠯᠭᠠᠰᠤ ᠨᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/22
      3 ᠰᠠᠷ᠎ᠠ ᠶᠢᠨ 13  ᠤ ᠡᠳᠦᠷ᠂ ᠤᠯᠢᠶᠠᠰᠤᠲᠠᠢ ᠪᠠᠯᠭᠠᠰᠤ ᠨᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠠᠴᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠲᠤᠬᠠᠢ ᠥᠭᠦᠯᠡᠯᠲᠡ᠂ ᠪᠦᠬᠦ ᠣᠷᠣᠨ᠂ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠲᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠪᠥᠬᠦ ᠣᠷᠣᠨ᠂ ᠪᠥᠬᠦ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ᠂      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ︾ ︽ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠠᠭᠤᠯᠭ᠎ᠠ ᠶᠢ ᠰᠤᠷᠤᠯᠴᠠᠵᠠᠢ᠃ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠠᠴᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ᠂ ︽ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ︾ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃      ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠪᠠᠲᠤ ᠢᠲᠡᠭᠡᠵᠦ᠂ ᠦᠨᠡᠨᠬᠦ ᠬᠡᠷᠡᠭᠵᠢᠭᠦᠯᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ ᠪᠦᠬᠦ ᠪᠠᠯᠭᠠᠰᠤᠨ ᠤ ᠬᠥᠭᠵᠢᠯᠲᠡ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ ᠥᠭᠬᠦ ᠬᠡᠷᠡᠭᠲᠡᠢ ᠬᠡᠵᠤ ᠴᠢᠬᠤᠯᠠᠴᠢᠯᠠᠪᠡ᠃      ᠬᠤᠷᠠᠯ ᠠᠴᠠ᠂ ᠪᠦᠬᠦ ᠪᠠᠯᠭᠠᠰᠤ ᠨᠢ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠪᠣᠯᠣᠨ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠡᠭᠡ ᠬᠠᠨᠳᠤᠰᠢ ᠶᠢᠨ ᠳᠤᠮᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠢᠳᠡᠪᠬᠢᠲᠡᠢ        ᠠᠵᠢᠯᠯᠠᠵᠤ᠂ ᠨᠠᠮ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠢᠶᠠᠰᠤᠲᠠᠢ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠱᠠᠭᠠᠷᠳᠠᠪᠡ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号