4 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠴᠠᠩ ᠱᠧᠩ ᠭᠤᠤᠯᠳᠠᠯᠭᠠᠳᠦ ᠲᠥᠷᠥᠯ ᠵᠦᠶᠯ ᠢ ᠲᠥᠰᠦᠪᠯᠡᠬᠦ ᠠᠵᠢᠯᠯᠠᠭ᠎ᠠ ᠶᠢ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠬᠦᠳᠡᠷ᠂ ᠴᠠᠩ ᠵᠧᠩ᠂ ᠺᠧ ᠰᠢᠶᠤᠤ ᠮᠢᠩ᠂ ᠵᠢᠢ ᠸᠧᠨ ᠯᠢ᠂ | ᠵᠠᠩ ᠲᠢᠶᠠᠨ ᠢᠦᠢ ᠤᠷᠤᠯᠴᠠᠵᠠᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠰᠡᠳᠬᠢᠬᠦᠢ ᠪᠠᠨ | ᠴᠢᠩᠭᠠᠳᠬᠠᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠪᠤᠳᠤᠯ ᠢᠶᠠᠨ ᠦᠨᠡᠨ ᠬᠦ ᠴᠢᠩᠭᠠᠳᠬᠠᠵᠤ᠂ | ︽ᠵᠡᠭᠦᠨ ᠦᠵᠦᠮᠦᠴᠢᠨ ᠬᠤᠰᠢᠭᠤᠨ ᠤ 2025 ᠣᠨ ᠤ〈 ᠭᠤᠤᠯᠳᠠᠯᠭᠠᠳᠦ ᠲᠦᠷᠦᠯ ᠵᠦᠢᠯ ᠢ ᠲᠥᠯᠥᠪᠵᠢᠭᠦᠯᠬᠦ | ᠠᠵᠢᠯᠯᠠᠭ᠎ᠠ 〉 ᠶᠢᠨ ᠭᠤᠣᠯᠳᠠᠯᠭ᠎ᠠ ᠲᠠᠢ ᠡᠭᠦᠷᠭᠡ ᠶᠢᠨ ᠲᠦᠷᠦᠯ ᠵᠦᠢᠯ ᠤᠨ ᠨᠠᠷᠢᠨ ᠳᠠᠩᠰᠠ︾ ᠲᠠᠢ ᠴᠢᠩᠭ᠎ᠠ | ᠬᠠᠷᠭᠤᠭᠤᠯᠵᠤ᠂ ᠭᠤᠤᠯᠳᠠᠯᠭᠠᠳᠦ ᠲᠦᠷᠦᠯ ᠵᠦᠢᠯ ᠢ ᠲᠥᠯᠥᠪᠵᠢᠭᠦᠯᠬᠦ ᠠᠵᠢᠯ ᠢ ᠣᠨᠣᠴᠠᠲᠠᠢ ᠰᠠᠶᠢᠲᠤᠷ ᠬᠢᠵᠦ᠂ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠤᠭᠤᠷᠣᠨᠳᠣ ᠪᠠᠨ | ᠬᠠᠮᠵᠢᠯᠴᠠᠨ ᠬᠥᠳᠡᠯᠦᠯᠴᠡᠬᠦ᠂ ᠤᠷᠢᠳᠴᠢᠯᠠᠨ ᠦᠢᠯᠡᠴᠢᠯᠡᠬᠦ ᠪᠠᠨ ᠴᠢᠩᠭᠠᠳᠬᠠᠵᠤ᠂ ᠴᠢᠬᠤᠯᠠ ᠡᠯᠧᠮᠧᠨ᠋ᠲ ᠤᠨ ᠡᠬᠢ | ᠪᠠᠶᠠᠯᠢᠭ ᠢ ᠪᠠᠲᠤᠯᠠᠬᠤ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠠᠷᠭ᠎ᠠ ᠵᠠᠮ ᠢ ᠰᠢᠯᠤᠭᠤᠳᠬᠠᠵᠤ᠂ ᠪᠦᠬᠦ ᠲᠠᠯ᠎ᠠ ᠪᠠᠷ ᠬᠠᠮᠵᠢᠯᠴᠠᠬᠤ ᠠᠵᠢᠯ ᠤᠨ | ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠢᠨᠠᠷ ᠰᠠᠶᠢᠲᠠᠢ ᠲᠦᠷᠦᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ | ᠲᠤᠯᠭᠠᠭᠤᠷᠢᠯᠠᠬᠤ ᠬᠡᠷᠡᠭᠲᠡᠢ ᠭᠡᠪᠡ᠃ |