ᠮᠠᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 92 ᠳ᠋ᠤᠭᠠᠷ ᠤᠳᠠᠭᠠᠨ ᠤ ( 2025 ᠣᠨ ᠤ 13 ᠳ᠋ᠤᠭᠠᠷ ᠤᠳᠠᠭᠠᠨ ᠤ ) ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/24
      4 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 92 ᠳ᠋ᠤᠭᠠᠷ ᠤᠳᠠᠭᠠᠨ ᠤ ( 2025 ᠣᠨ ᠤ 13 ᠳ᠋ᠤᠭᠠᠷ ᠤᠳᠠᠭᠠᠨ ᠤ ) ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠢᠯᠠᠩ ᠤᠨ ᠬᠤᠷᠠᠯ ᠢ ᠬᠤᠷᠠᠯᠳᠤᠵᠤ᠂ 3 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠠ ᠰᠦᠨ ᠱᠣᠤ ᠴᠧᠩ ᠨᠥᠬᠦᠷ ᠤᠨ ᠥᠪᠥᠷ ᠮᠣᠩᠭᠤᠯ ᠤᠨ ᠨᠠᠮ ᠤᠨ ᠰᠤᠷᠭᠠᠭᠤᠯᠢ  ᠶᠢᠨ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠪᠥᠬᠦ ᠨᠠᠮ ᠤᠨ ᠳᠣᠲᠣᠷ᠎ᠠ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ︾ ︽ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠬᠤ ᠠᠵᠢᠯ ᠤᠨ ᠠᠷᠭ᠎ᠠ︾ ᠵᠡᠷᠭᠡ ᠪᠢᠴᠢᠭ ᠮᠠᠲ᠋ᠧᠷᠢᠶᠠᠯ  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠵᠡᠷᠭᠡ ᠠᠵᠢᠯ  ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠪᠤᠯᠤᠨ ︽ᠲᠠᠪᠤᠨ ᠶᠡᠭᠡ ᠡᠭᠦᠷᠭᠡ︾ ᠶᠢ ᠲᠦᠯᠬᠢᠨ ᠠᠬᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠤᠯᠠᠮ  ᠨᠢᠭᠡ ᠠᠯᠬᠤᠮ ᠪᠠᠲᠤ ᠡᠭᠦᠷᠭᠡᠯᠡᠨ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠪᠦᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠭᠦᠨᠵᠡᠭᠡᠶ ᠪᠠᠶᠢᠴᠠᠭᠠᠨ ᠡᠷᠢᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠵᠤ᠂ ᠰᠤᠷᠲᠠᠯ ᠤᠨ ᠠᠷᠬᠠᠭ ᠬᠡᠮ ᠢ ᠬᠦᠴᠦᠯᠡᠨ ᠠᠷᠢᠯᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ  ︽ᠡᠯ᠎ᠡ ᠲᠥᠷᠥᠯ  ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠬᠤ ᠠᠵᠢᠯ ᠤᠨ ᠠᠷᠭ᠎ᠠ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ  ︽ᠨᠢᠭᠡ ᠵᠤᠷᠪᠤᠰ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠡᠯ᠎ᠡ ᠲᠠᠯ᠎ᠠ  ᠶᠢᠨ ᠬᠢᠨ ᠤ ᠰᠠᠨᠠᠭᠠᠴᠢᠯᠠᠭ᠎ᠠ ᠠᠴᠠ ᠪᠠᠨ ᠰᠦᠪᠡᠭᠴᠢ ᠶᠢ ᠬᠤᠪᠢᠶᠠᠯᠴᠠᠨ᠂ ᠬᠦᠴᠦ ᠪᠠᠨ ᠬᠠᠮᠲᠤᠳᠬᠠᠨ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠬᠤ ᠬᠡᠷᠡᠭᠲᠡᠶ᠃ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠴᠣᠬᠢᠯᠲᠠ ᠥᠭᠬᠦ ᠪᠠ ᠵᠠᠰᠠᠬᠤ  ᠶᠢ ᠵᠡᠷᠭᠡ ᠪᠠᠷ ᠠᠳᠬᠤᠬᠤ᠂ ᠨᠡᠮᠡᠭᠳᠡᠯ ᠢ ᠬᠤᠷᠢᠭᠯᠠᠬᠤ ᠪᠠ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ ᠶᠢ ᠵᠡᠷᠭᠡ  ᠪᠠᠷ ᠠᠬᠢᠭᠤᠯᠬᠤ ᠶᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ︽ᠲᠠᠪᠤᠨ ᠶᠡᠭᠡ ᠡᠭᠦᠷᠭᠡ  ︾ ᠶᠢᠨ ᠭᠤᠤᠯᠳᠠᠯᠭ᠎ᠠ ᠲᠠᠢ ᠠᠵᠢᠯ  ᠤᠨ ᠡᠬᠡ ᠲᠠᠩᠰᠠ ᠪᠠᠷ ᠪᠠᠷᠢᠮᠵᠢᠶᠠᠯᠠᠨ ᠬᠠᠷᠭᠤᠭᠤᠯᠵᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ  ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠡᠯ᠎ᠡ ᠵᠦᠶᠯ ᠤᠨ ᠡᠭᠦᠷᠭᠡ ᠶᠢ ᠴᠢᠨᠠᠷ ᠰᠠᠶᠢᠲᠠᠶ ᠲᠣᠭᠲᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号