4 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠮᠠᠨᠳᠣᠬᠤᠪᠣᠯᠠᠭ ᠪᠠᠯᠭᠠᠰᠤᠨ ᠤ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠢᠮᠠᠳᠤᠭᠠᠷ ᠤᠳᠠᠭᠠᠨ ᠤ | ᠬᠤᠷᠠᠯᠳᠤᠭᠠᠨ ᠠᠮᠵᠢᠯᠲᠠ ᠲᠠᠢ ᠬᠤᠷᠠᠯᠳᠤᠪᠠ᠃ ᠲᠤᠰ ᠣᠳᠠᠭᠠᠨ ᠤ ᠬᠤᠷᠠᠯ ᠳᠤ 33 ᠲᠥᠯᠥᠭᠡᠯᠡᠭᠴᠢ ᠣᠷᠣᠯᠴᠠᠵᠤ᠂ | ᠤᠯᠠᠨ ᠲᠦᠮᠡᠨ ᠤ ᠬᠦᠰᠡᠯ ᠡᠷᠡᠮᠡᠯᠵᠡᠯ ᠪᠣᠯᠣᠨ ᠬᠥᠭᠵᠢᠯᠲᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ ᠂ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠣᠰ ᠤᠳᠠᠭᠠᠨ ᠤ ᠬᠤᠷᠠᠯ ᠳᠤ ᠬᠠᠮᠲᠤᠪᠠᠷ ᠣᠷᠣᠯᠴᠠᠪᠠ᠃ | ᠲᠥᠯᠥᠭᠡᠯᠡᠭᠴᠢ ᠶᠢᠨ ᠪᠣᠯᠪᠠᠰᠤᠷᠠᠯ | ᠬᠤᠷᠠᠯ ᠠᠴᠠ ᠡᠮᠦᠨ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠡᠷᠳᠡᠨᠢᠳᠠᠯᠠᠢ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠡᠪᠦᠷᠯᠡᠵᠦ᠂ | ᠲᠦᠯᠦᠭᠡᠯᠡᠭᠴᠢᠳ ᠲᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠤᠨ | ᠭᠤᠣᠯ ᠵᠣᠷᠢᠭ ᠰᠠᠨᠠᠭ᠎ᠠ ᠶᠢ ᠬᠤᠪᠢᠶᠠᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠠᠷᠠᠳ ᠤᠨ | ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ | ᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃ ᠥᠪᠡᠷ ᠤᠨ ᠪᠡᠶ᠎ᠡ ᠪᠠᠷ ᠢᠶᠠᠨ ᠬᠤᠷᠠᠯ ᠳᠤ ᠣᠷᠣᠯᠴᠠᠭᠰᠠᠨ | ᠣᠶᠢᠯᠠᠭᠠᠯᠲᠠ ᠲᠠᠢ ᠪᠠᠨ ᠤᠶᠠᠯᠳᠤᠭᠤᠯᠤᠨ᠂ ᠡᠷᠳᠡᠨᠢᠳᠠᠯᠠᠢ ᠲᠥᠷᠥ ᠶᠢᠨ ᠪᠣᠳᠣᠯᠭ᠎ᠠ ᠶᠢ ᠨᠡᠩ ᠠᠮᠢᠳᠤᠯᠢᠭ ᠢᠶᠠᠷ | ᠲᠠᠶᠢᠯᠤᠮᠵᠢ ᠬᠢᠵᠦ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠩ ᠨᠡᠪᠲᠡᠷᠬᠡᠢ ᠣᠶᠢᠯᠠᠭᠠᠵᠤ᠂ ᠲᠠᠷᠠᠭᠠᠴᠢ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | ᠡᠭᠦᠨ ᠤ ᠬᠠᠮᠲᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠵᠣᠷᠢᠭᠲᠤ ᠶᠢ | ᠤᠷᠢᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢ ᠣᠯᠠᠨ ᠳᠤ ᠭᠦᠨᠵᠡᠭᠡᠢ | ᠲᠠᠶᠢᠯᠪᠦᠷᠢᠯᠠᠯᠲᠠ ᠬᠢᠪᠡ᠃ ᠬᠠᠤᠯᠢ ᠵᠤᠷᠪᠤᠰ ᠤᠨ ᠬᠤᠪᠢᠷᠠᠯᠲᠠ ᠲᠠᠢ ᠨᠢᠭᠲᠠ ᠤᠶᠠᠯᠳᠤᠭᠤᠯᠤᠨ᠂ ᠤᠯᠤᠰ | ᠲᠦᠷᠦ ᠶᠢᠨ ᠱᠠᠭᠠᠷᠳᠠᠯᠭ᠎ᠠ᠂ ︽ᠬᠤᠶᠠᠷ ᠬᠠᠷᠢᠯᠴᠠᠭ᠎ᠠ︾ ᠶᠢᠨ ᠲᠣᠭᠲᠠᠴᠠ᠂ ᠬᠤᠷᠠᠯ ᠲᠡᠭᠦᠰᠦᠭᠰᠡᠨ ᠠᠵᠢᠯᠯᠠᠭ᠎ᠠ ᠶᠢᠨ | ᠬᠡᠯᠪᠡᠷᠢ ᠵᠡᠷᠭᠡ ᠲᠠᠯ᠎ᠠ ᠠᠴᠠ ᠵᠠᠳᠠᠯᠤᠯᠲᠠ ᠬᠢᠵᠦ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠵᠦᠢᠯ | ᠵᠤᠷᠪᠤᠰ ᠨᠢᠭᠡᠪᠦᠷᠢ ᠪᠣᠯᠣᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ | ᠲᠠᠶᠢᠯᠪᠤᠷᠢᠯᠠᠵᠤ᠂ ᠲᠥᠯᠥᠭᠡᠯᠡᠭᠴᠢ ᠨᠠᠷ ᠡᠷᠬᠡ ᠡᠭᠦᠷᠭᠡ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠢᠷᠤᠮᠵᠢᠯ | ᠵᠡᠷᠭᠡ ᠳᠤ ᠭᠦᠨᠵᠡᠭᠡᠢ ᠣᠶᠢᠯᠠᠭᠠᠯᠲᠠ ᠲᠠᠢ ᠪᠣᠯᠪᠠ᠃ | ᠰᠤᠷᠤᠯᠴᠠᠯᠭ᠎ᠠ ᠪᠠᠷ ᠳᠠᠮᠵᠢᠨ᠂ ᠪᠢᠳᠡ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠲᠤᠰᠬᠠᠢ | ᠮᠡᠷᠭᠡᠵᠢᠯ ᠤᠨ ᠪᠣᠯᠪᠠᠰᠤᠷᠠᠯ᠂ ᠨᠡᠩ ᠡᠷᠡᠰ ᠪᠠᠲᠤ ᠵᠣᠷᠢᠭ ᠢᠶᠠᠷ ᠮᠠᠨᠳᠣᠬᠤᠪᠣᠯᠠᠭ ᠪᠠᠯᠭᠠᠰᠤᠨ ᠤ ᠬᠥᠭᠵᠢᠯᠲᠡ ᠳᠤ | ᠣᠷᠣᠯᠴᠠᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ | ᠲᠥᠯᠥᠭᠡᠯᠡᠭᠴᠢ ᠶᠢᠨ ᠬᠠᠤᠯᠢ ᠪᠠᠷ ᠪᠠᠷᠢᠮᠵᠢᠶ᠎ᠠ ᠪᠣᠯᠭᠠᠵᠤ᠂ ᠮᠠᠨᠳᠣᠬᠤᠪᠣᠯᠠᠭ ᠪᠠᠯᠭᠠᠰᠤᠨ ᠤ ᠴᠢᠨᠠᠷ ᠰᠠᠶᠢᠲᠠᠢ | ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠨ᠎ᠠ᠃ | ᠪᠡᠯᠡᠳᠬᠡᠯ ᠬᠤᠷᠠᠯ | ᠪᠦᠬᠦ ᠲᠥᠯᠥᠭᠡᠯᠡᠭᠴᠢᠳ ᠪᠠ ᠰᠤᠯᠠ ᠣᠷᠣᠯᠴᠠᠭᠰᠠᠳ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠤᠨ᠎ᠠ; ᠶᠡᠭᠡ ᠬᠤᠷᠠᠯ ᠤᠨ ᠵᠥᠪᠯᠡᠬᠦ ᠵᠦᠢᠯ ︵ᠲᠥᠰᠥᠯ︶ ᠢ ᠬᠢᠨᠠᠨ ᠵᠥᠪᠯᠡᠵᠦ ᠪᠠᠲᠤᠯᠠᠨ᠎ᠠ᠂ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ᠂ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶ ᠢ | ᠬᠢᠨᠠᠨ ᠵᠥᠪᠯᠡᠵᠦ ᠪᠠᠲᠤᠯᠠᠨ᠎ᠠ᠂ ᠡᠯ᠎ᠡ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ | ᠪᠦᠷᠢᠯᠳᠦᠭᠦᠨ ᠤ ᠨᠡᠷᠡᠰ᠂ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠪᠦᠷᠢᠯᠳᠦᠭᠦᠨ ᠤ ᠨᠡᠷᠡᠰ ︵ᠲᠥᠰᠥᠯ︶ ᠢ | ᠬᠢᠨᠠᠨ ᠶᠠᠷᠢᠯᠴᠠᠵᠤ ᠪᠠᠲᠤᠯᠠᠨ᠎ᠠ᠂ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ︵ | ᠲᠥᠰᠥᠯ︶ ᠶᠢ ᠰᠣᠨᠣᠰᠪᠠ᠃ | ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠬᠤᠷᠠᠯᠳᠤᠭᠠᠨ | ᠲᠡᠷᠢᠭᠦᠯᠡᠭᠴᠢᠳ ᠤᠨ ᠪᠦᠯᠬᠦᠮ ᠤᠨ ᠬᠤᠷᠠᠯᠳᠤᠭᠠᠨ | ᠲᠥᠯᠥᠭᠡᠯᠡᠭᠴᠢᠳ ᠤᠨ ᠪᠦᠯᠬᠦᠮ ᠬᠤᠪᠢᠶᠠᠨ ᠶᠠᠷᠢᠯᠴᠠᠬᠤ ᠬᠤᠷᠠᠯ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠢᠮᠠᠳᠤᠭᠠᠷ | ᠬᠤᠷᠠᠯᠳᠤᠭᠠᠨ ᠤ ᠠᠩᠬᠠᠳᠤᠭᠠᠷ ᠪᠥᠬᠦᠳᠡ ᠬᠤᠷᠠᠯ ᠲᠥᠪ ᠴᠢᠩᠭ᠎ᠠ ᠤᠯᠤᠰ ᠤᠨ ᠰᠦᠯᠳᠡ ᠳᠠᠭᠤᠤ ᠶᠢᠨ ᠠᠶᠠᠰ ᠢᠶᠠᠷ | ᠬᠥᠰᠢᠭᠡ ᠪᠠᠨ ᠰᠡᠬᠦᠪᠡ᠃ | ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ | ᠮᠦᠡᠭᠬᠡ ᠨᠥᠬᠦᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ | ᠢᠯᠡᠳᠬᠡᠯ ᠬᠢᠵᠡᠢ᠃ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠦᠷᠢᠨᠪᠠᠭᠠᠲᠤᠷ ᠨᠥᠬᠦᠷ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ | ᠢᠯᠡᠳᠬᠡᠯ ᠬᠢᠵᠡᠢ᠃ | ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠩ ᠯᠦᠩ ᠨᠥᠬᠦᠷ 2024 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠭᠦᠢᠴᠡᠳᠬᠡᠭᠰᠡᠨ ᠪᠠᠶᠢᠳᠠᠯ ᠵᠢᠴᠢ 2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ | ᠲᠤᠬᠠᠢ ᠮᠡᠳᠡᠭᠦᠯᠦᠯᠲᠡ ᠬᠢᠵᠡᠢ᠃ | ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠵᠠᠰᠠᠭ ᠤᠨ | ᠣᠷᠳᠣᠨ ᠤ ᠳᠡᠳ᠋ ᠪᠠᠯᠭᠠᠰᠤᠨ ᠳᠠᠷᠤᠭ᠎ᠠ ᠷᠧᠨ ᠰᠢᠶᠣᠣ ᠳ᠋ᠦᠩ ᠨᠥᠬᠦᠷ ᠪᠠᠯᠭᠠᠰᠤᠨ ᠤ 2024 ᠣᠨ ᠤ ᠡᠳ᠋ ᠤᠨ | ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠵᠡᠢ᠃ | ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠮᠦ ᠨᠥᠬᠦᠷ ᠪᠠᠯᠭᠠᠰᠤᠨ ᠤ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠷᠠᠯᠳᠤᠭᠠᠨ ᠤ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ | ᠶᠡᠭᠡ ᠬᠤᠷᠠᠯ ᠠᠴᠠ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ | ᠥᠭᠬᠦ ᠠᠷᠭ᠎ᠠ︾ ︵ᠲᠥᠰᠥᠯ︶ ᠶᠢ ᠪᠠᠲᠤᠯᠠᠵᠠᠢ᠃ | ᠶᠡᠭᠡ ᠬᠤᠷᠠᠯ ᠠᠴᠠ ︽ᠶᠡᠭᠡ ᠬᠤᠷᠠᠯ ᠤᠨ ᠰᠠᠨᠠᠯ ᠵᠥᠪᠯᠡᠯᠭᠡ ᠶᠢ ᠲᠤᠰᠢᠶᠠᠬᠤ ᠡᠴᠦᠰ ᠤᠨ ᠴᠠᠭ︾ ᠢ | ᠨᠡᠶᠢᠲᠡᠯᠡᠪᠡ᠃ | ᠬᠤᠶᠠᠳᠤᠭᠠᠷ ᠪᠥᠬᠦᠳᠡ ᠬᠤᠷᠠᠯ | 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠫᠢᠶᠣᠣ ᠦᠭᠴᠦ | ᠲᠣᠭᠲᠠᠪᠠ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠫᠢᠶᠣᠣ ᠥᠭᠭᠦᠭᠰᠡᠨ ᠦᠷ᠎ᠡ ᠳ᠋ᠦᠩ ᠢ ᠡᠯ᠎ᠡ | ᠵᠦᠢᠯ ᠤᠨ ᠰᠢᠢᠳᠪᠦᠷᠢ ︵ᠲᠥᠰᠥᠯ︶ ᠶᠢ ᠪᠠᠲᠤᠯᠠᠵᠠᠢ᠃ | ᠬᠤᠷᠠᠯ ᠠᠴᠠ᠂ ᠪᠦᠬᠦ ᠲᠥᠯᠥᠭᠡᠯᠡᠭᠴᠢ ᠪᠣᠯᠣᠨ ᠺᠠᠳ᠋ᠷ ᠤᠯᠠᠨ ᠲᠦᠮᠡᠨ ᠴᠠᠭ ᠦᠶ᠎ᠡ ᠶᠢᠨ ᠠᠵᠠ ᠲᠣᠬᠢᠶᠠᠯ ᠢ | ᠪᠠᠲᠤ ᠡᠵᠡᠮᠳᠡᠵᠦ᠂ ᠪᠠᠯᠭᠠᠰᠤᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠲᠥᠯᠥᠪᠵᠢᠭᠦᠯᠦᠨ ᠬᠥᠲᠥᠯᠥᠨ | ᠳᠠᠭᠠᠭᠤᠯᠤᠨ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠡᠮᠵᠢᠯᠭᠡ ᠳᠣᠣᠷ᠎ᠠ᠂ | ᠴᠣ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠣᠭᠲᠠᠭᠠᠵᠤ᠂ ᠰᠢᠨᠲᠠᠷᠠᠰᠢ ᠦᠭᠡᠢ ᠢᠲᠡᠭᠡᠯ ᠵᠣᠷᠢᠭ᠂ ᠥᠭᠡᠳᠡᠯᠡᠨ | ᠳᠠᠪᠰᠢᠬᠤ ᠪᠠᠷ ᠬᠦᠴᠦᠯᠡᠨ ᠴᠢᠷᠮᠠᠶᠢᠵᠦ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠬᠥᠭᠵᠢᠯᠲᠡ ᠶᠢᠨ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠷᠤᠭᠰᠢᠯᠠᠨ ᠲᠠᠪᠰᠢᠬᠤ ᠬᠥᠳᠡᠯᠭᠡᠬᠦ ᠬᠦᠴᠦᠨ ᠢ ᠬᠥᠭᠵᠢᠭᠡᠵᠦ᠂ | ᠪᠣᠳᠠᠲᠠᠢ ᠠᠵᠢᠯᠯᠠᠵᠤ ᠰᠢᠨᠲᠠᠷᠠᠰᠢ ᠦᠭᠡᠢ ᠤᠷᠤᠭᠰᠢᠯᠠᠵᠤ᠂ ᠮᠠᠨᠳᠣᠬᠤᠪᠣᠯᠠᠭ ᠪᠠᠯᠭᠠᠰᠤ ᠶᠢ ᠨᠡᠩ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠠᠶᠠᠨ ᠲᠡᠶᠢᠰᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | |