ᠠᠯᠲᠠᠨᠬᠢᠯᠢ ᠰᠤᠮᠤᠨ ᠤ ᠪᠦᠯᠢᠶᠠᠨ ᠭᠠᠴᠠᠭᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠤᠨ ︽ᠬᠢᠮᠲᠠ ᠦᠨ᠎ᠠ ᠶᠢᠨ ᠨᠤᠭᠤᠭᠠᠨ ᠲᠠᠷᠤᠰᠢ︾  ᠨᠢ ᠮᠠᠯ ᠠᠵᠤ ᠠᠬᠤᠢ ᠪᠣᠯᠣᠨ ᠠᠮᠢ ᠠᠬᠤᠢ ᠶᠢᠨ ᠬᠤᠣᠰ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2025/4/24
      ᠬᠠᠪᠤᠷ ᠤᠨ ᠤᠯᠠᠷᠢᠯ ᠪᠣᠯ ᠡᠪᠡᠰᠦ ᠪᠡᠯᠴᠢᠭᠡᠷ ᠢ ᠨᠣᠭᠤᠭᠠᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ         ᠪᠣᠯᠣᠨ᠎ᠠ᠂ ᠪᠡᠯᠴᠢᠭᠡᠷᠯᠡᠭᠦᠯᠬᠦ ᠶᠢ ᠵᠣᠭᠰᠤᠭᠠᠬᠤ ᠪᠣᠯ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠨᠤᠲᠤᠭ ᠪᠡᠯᠴᠢᠭᠡᠷ ᠤᠨ ᠠᠶᠠᠨᠳᠠᠭᠠᠨ ᠰᠡᠷᠭᠦᠬᠦ ᠶᠢ ᠠᠬᠢᠭᠤᠯᠬᠤ᠂ ᠮᠠᠯ ᠠᠵᠤ ᠠᠬᠤᠢ ᠶᠢᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠣᠶᠢᠷ᠎ᠠ ᠳᠤ᠂ ᠠᠯᠲᠠᠨᠬᠢᠯᠢ ᠰᠤᠮᠤᠨ ᠤ ᠪᠦᠯᠢᠶᠠᠨ ᠭᠠᠴᠠᠭᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠲᠤ ︽ᠬᠢᠮᠲᠠ ᠦᠨ᠎ᠠ ᠶᠢᠨ ᠨᠤᠭᠤᠭᠠᠨ ᠲᠠᠷᠤᠰᠢ︾ ᠲᠠᠷᠬᠠᠭᠠᠨ᠂ ᠬᠠᠪᠤᠷ ᠤᠨ ᠤᠯᠠᠷᠢᠯ ᠤᠨ ᠪᠡᠯᠴᠢᠭᠡᠷ ᠰᠠᠷᠬᠦᠬᠡᠬᠦ ᠳᠤ ᠬᠦᠴᠦᠨ ᠨᠡᠮᠡᠷᠢᠯᠡᠭᠰᠡᠨ ᠠᠴᠠ ︽ᠨᠠᠶᠢᠵᠠ ᠶᠢᠨ ᠲᠣᠭᠤᠷᠢᠭ︾ ᠲᠤ ᠲᠠᠮᠵᠢᠭᠤᠯᠤᠭᠲᠠᠵᠤ᠂ ᠮᠠᠯᠴᠢᠨ ᠠᠷᠠᠳ ᠤᠨ ᠳᠤᠮᠳᠠ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠠᠯᠲᠠᠨᠬᠢᠯᠢ ᠰᠤᠮᠤᠨ ᠤ ᠪᠦᠯᠢᠶᠡᠨ ᠭᠠᠴᠠᠭ᠎ᠠ ᠪᠡᠯᠴᠢᠭᠡᠷ ᠰᠠᠷᠬᠦᠬᠡᠬᠦ ᠬᠤᠭᠤᠴᠠᠭᠠᠨ ᠳᠤ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠨ᠂ ᠮᠠᠯᠴᠢᠳ ᠤᠨ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠤᠷᠢᠳᠴᠢᠯᠠᠨ ᠪᠠᠶᠢᠷᠢᠰᠢᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠡᠵᠢᠭᠡᠯ ᠡᠪᠡᠰᠦ ᠪᠣᠷᠳᠤᠭ᠎ᠠ ᠶᠢ ᠨᠥᠭᠡᠴᠡᠯᠡᠬᠦ ᠰᠠᠭᠤᠷᠢᠨ ᠭᠠᠵᠠᠷ ᠲᠤ ᠲᠦᠰᠢᠭᠯᠡᠨ᠂ ᠶᠡᠭᠡ ᠬᠡᠮᠵᠢᠶᠡᠨ ᠤ ᠴᠢᠨᠠᠷ ᠰᠠᠶᠢᠲᠠᠢ ᠨᠣᠭᠤᠭᠠᠨ ᠳᠠᠷᠤᠰᠢ ᠶᠢ ᠪᠡᠯᠡᠳᠬᠡᠵᠦ᠂ ᠪᠡᠯᠴᠢᠭᠡᠷ ᠰᠠᠷᠬᠦᠬᠡᠬᠦ ᠬᠤᠭᠤᠴᠠᠭᠠᠨ ᠳᠤ ᠬᠠᠷᠢᠶᠠᠲᠤ ᠣᠷᠣᠨ ᠤ ᠮᠠᠯᠴᠢᠳ ᠵᠢᠴᠢ ᠡᠷᠬᠢᠨ ᠲᠣᠭᠤᠷᠢᠨ ᠤ ᠰᠤᠮᠤ ᠪᠠᠯᠭᠠᠰᠤᠨ ᠤ ᠮᠠᠯᠴᠢᠳ ᠲᠤ ᠬᠢᠮᠲᠠ ᠦᠨ᠎ᠡ ᠪᠠᠷ ᠨᠣᠭᠤᠭᠠᠨ ᠳᠠᠷᠤᠰᠢ ᠶᠢ ᠬᠠᠩᠭᠠᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠪᠠᠴᠢᠮ ᠲᠤᠯᠭᠠᠮ᠎ᠠ ᠠᠰᠠᠭᠤᠳᠠᠯ ᠢ ᠰᠢᠢᠳᠪᠦᠷᠢᠯᠡᠪᠠ᠃        ᠠᠬᠤᠢ ᠲᠠᠯᠠᠪᠤᠷ ᠲᠤ᠂ ︽ᠳᠠᠩᠰᠠᠯᠠᠬᠤ ︱ ᠬᠠᠷᠭᠤᠭᠤᠯᠬᠤ ︱ᠲᠡᠭᠡᠭᠡᠪᠦᠷᠢᠯᠡᠬᠦ — ᠬᠤᠲᠠᠯᠲᠤᠨ          ᠠᠪᠬᠤ︾ ᠪᠥᠬᠦ ᠴᠤᠪᠤᠷᠠᠯ ᠤᠨ ᠦᠢᠯᠡᠴᠢᠯᠡᠭᠡ ᠪᠠᠷ ᠳᠠᠮᠵᠢᠭᠤᠯᠤᠨ᠂ ᠤᠲᠤ ᠪᠤᠯᠲᠠᠯ᠎ᠠ ᠨᠡᠶᠢᠲᠡ 340 ᠲᠣᠨ ︽ᠬᠢᠮᠲᠠ ᠦᠨ᠎ᠠ ᠶᠢᠨ ᠨᠤᠭᠤᠭᠠᠨ ᠲᠠᠷᠤᠰᠢ︾ ᠶᠢ ᠲᠠᠷᠬᠠᠭᠠᠵᠤ᠂ 63 ᠡᠷᠦᠬᠡ ᠳᠤ ᠠᠰᠢᠭ ᠬᠦᠷᠲᠡᠭᠡᠵᠤ᠂ ᠡᠭᠦᠨ ᠳᠤ ᠡᠷᠬᠢᠨ ᠲᠣᠭᠤᠷᠢᠨ ᠤ 11 ᠰᠤᠮᠤ ᠪᠠᠯᠭᠠᠰᠤ ᠳᠤ ᠬᠤᠯᠪᠣᠭᠳᠠᠵᠤ᠂ ᠮᠠᠯᠴᠢᠳ ᠢ ᠬᠠᠪᠰᠤᠷᠤᠨ ᠡᠪᠡᠰᠦ ᠪᠣᠷᠳᠣᠭᠠᠨ ᠤ ᠵᠠᠷᠤᠯᠭ᠎ᠠ ᠶᠢ ᠪᠠᠷᠤᠭ 5.2 ᠲᠦᠮᠡᠨ ᠲᠥᠭᠦᠷᠢᠭ ᠠᠷᠪᠢᠯᠠᠪᠠ᠃      ᠠᠯᠲᠠᠨᠬᠢᠯᠢ ᠰᠤᠮᠤᠨ ᠤ ᠪᠦᠯᠢᠶᠠᠨ ᠭᠠᠴᠠᠭᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠨᠢ 2023 ᠣᠨ ᠳᠤ ᠪᠠᠶᠢᠭᠤᠯᠤᠭᠳᠠᠵᠤ᠂ ᠶᠡᠷᠦᠩᠬᠡᠢ ᠪᠡᠯᠡ ᠣᠷᠣᠭᠤᠯᠤᠯᠲᠠ 152 ᠲᠦᠮᠡᠨ ᠲᠥᠭᠦᠷᠢᠭ ᠢᠶᠠᠷ ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢᠨ ᠲᠠᠰᠤᠭ ︵600 ᠲᠡᠭᠰᠢ ᠳᠥᠷᠪᠡᠯᠵᠢᠨ ᠮᠧᠲᠷ︶᠂ ᠪᠣᠷᠳᠣᠭᠠᠨ ᠤ ᠬᠥᠮᠥᠷᠭᠡ ︵200 ᠲᠡᠭᠰᠢ ᠳᠥᠷᠪᠡᠯᠵᠢᠨ ᠮᠧᠲᠷ︶᠂ ᠮᠠᠰᠢᠨ ᠬᠥᠮᠥᠷᠭᠡ ︵100 ᠲᠡᠭᠰᠢ ᠳᠥᠷᠪᠡᠯᠵᠢᠨ ᠮᠧᠲᠷ︶ ᠶᠢ ᠰᠢᠨ᠎ᠡ ᠪᠠᠷ ᠪᠠᠶᠢᠭᠤᠯᠬᠤ ᠶᠢᠨ ᠬᠠᠮᠲᠤ ᠲᠷᠠᠺᠲ᠋ᠣᠷ᠂ ᠡᠪᠡᠰᠦ ᠬᠠᠳᠤᠵᠤ ᠡᠪᠡᠰᠦ ᠬᠠᠮᠤᠬᠤ ᠮᠠᠰᠢᠨ᠂ ᠬᠡᠷᠴᠢᠵᠦ ᠬᠡᠮᠬᠡᠯᠬᠦ ᠮᠠᠰᠢᠨ᠂ ᠮᠥᠬᠦᠯᠢᠭᠲᠦ ᠠᠪᠴᠢᠭᠤᠯᠬᠤ ᠮᠠᠰᠢᠨ ᠵᠡᠷᠭᠡ ᠲᠥᠬᠦᠭᠡᠷᠦᠮᠵᠢ ᠶᠢ ᠢᠵᠢ ᠪᠦᠷᠢᠳᠦᠭᠦᠯᠦᠨ ᠬᠤᠳᠠᠯᠳᠤᠨ ᠠᠪᠴᠤ᠂ ᠪᠦᠯᠢᠶᠡᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠤᠷᠰᠢᠶᠠᠵᠢᠯ ᠢ ᠬᠡᠪᠴᠢᠶᠡᠵᠢᠭᠦᠯᠦᠭᠰᠡᠨ᠂ ᠰᠢᠨᠵᠢᠯᠡᠬᠦ ᠤᠬᠠᠭᠠᠨᠴᠢᠯᠠᠭᠰᠠᠨ᠂ ᠡᠷᠴᠢᠮᠵᠢᠭᠦᠯᠦᠭᠰᠡᠨ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢᠨ ᠭᠠᠵᠠᠷ ᠪᠤᠯᠭᠠᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠪᠠ᠃      ᠲᠣᠰ ᠤᠲᠠᠭᠠᠨ ᠤ ᠪᠦᠯᠢᠶᠡᠨ ᠭᠠᠴᠠᠭᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠲᠤ ᠬᠢᠮᠲᠠ ᠦᠨ᠎ᠠ ᠶᠢᠨ ᠨᠤᠭᠤᠭᠠᠨ ᠲᠠᠷᠤᠰᠢ ᠬᠠᠩᠭᠠᠭᠰᠠᠨ ᠨᠢ ᠮᠠᠯ ᠠᠵᠤ ᠠᠬᠤᠢ ᠪᠡᠯᠴᠢᠭᠡᠷ ᠰᠠᠷᠬᠦᠬᠡᠬᠦ ᠬᠤᠭᠤᠴᠠᠭᠠᠨ ᠳᠠᠬᠢ ᠲᠣᠭᠲᠠᠭᠤᠨ ᠢᠶᠠᠷ ᠬᠥᠭᠵᠢᠬᠦ ᠶᠢ ᠪᠠᠲᠤᠯᠠᠭᠰᠠᠨ ᠮᠥᠷᠲᠡᠭᠡᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠬᠦᠴᠦᠲᠡᠢ ᠠᠬᠢᠭᠤᠯᠵᠤ᠂ ᠨᠤᠲᠤᠭ ᠪᠡᠯᠴᠢᠭᠡᠷ ᠢ ᠠᠮᠤᠷᠵᠢᠭᠤᠯᠤᠨ ᠲᠡᠩᠬᠡᠷᠡᠭᠦᠯᠵᠦ᠂ ᠠᠮᠢ ᠠᠬᠤᠢ ᠶᠢᠨ ᠬᠠᠮᠠᠭᠠᠯᠠᠯᠲᠠ ᠬᠢᠭᠡᠳ ᠮᠠᠯ ᠠᠵᠤ ᠠᠬᠤᠢ ᠶᠢᠨ ᠬᠥᠭᠵᠢᠯᠲᠡ ᠶᠢᠨ ᠨᠥᠬᠦᠴᠡᠯᠳᠦᠯ ᠢ ᠪᠡᠶᠡᠯᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ︽ᠬᠥᠬᠡᠮᠳᠦᠭ ᠨᠣᠭᠤᠭᠠᠨ ᠠᠭᠤᠯᠠ ᠤᠰᠤ︾ ᠪᠠ ︽ᠠᠯᠲᠠᠨ ᠠᠭᠤᠯᠠ ᠮᠥᠩᠭᠦᠨ ᠠᠭᠤᠯᠠ︾ ᠶᠢᠨ ᠬᠤᠣᠰ ᠴᠢᠭᠯᠡᠯ ᠢᠶᠠᠷ ᠤᠷᠤᠭᠰᠢᠯᠠᠬᠤ ᠬᠥᠭᠦᠷᠭᠡ ᠪᠣᠯᠭᠠᠭᠰᠠᠨ ᠪᠠᠶᠢᠨ᠎ᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号