ᠠᠯᠲᠡᠨᠬᠢᠯᠢ ᠰᠤᠮᠤᠨ ᠤ ᠠᠷᠪᠠᠨ ᠵᠢᠷᠭᠤᠳᠤᠭᠠᠷ  ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠢᠮᠠᠳᠤᠭᠠᠷ ᠤᠳᠠᠭᠠᠨ ᠤ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2025/4/24
      4 ᠰᠠᠷ᠎ᠠ ᠶᠢᠨ 14 ︱15 ᠤ ᠡᠳᠦᠷ᠂ ᠠᠯᠲᠡᠨᠬᠢᠯᠢ ᠰᠤᠮᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠢᠮᠠᠳᠤᠭᠠᠷ ᠤᠳᠠᠭᠠᠨ ᠤ ᠬᠤᠷᠠᠯᠳᠤᠭᠠᠨ ᠠᠮᠵᠢᠯᠲᠠ ᠲᠠᠢ ᠬᠤᠷᠠᠯᠳᠤᠵᠤ᠂ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 49 ᠨᠠᠷ᠎ᠠ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 43 ᠨᠠᠷ᠎ᠠ᠂  ᠰᠤᠯᠠ ᠤᠷᠤᠯᠴᠠᠭᠰᠡᠳ 12 ᠨᠠᠷ᠎ᠠ ᠪᠠᠶᠢᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠪᠠᠭᠠᠨ᠎ᠠ ᠨᠥᠬᠦᠷ ᠬᠤᠷᠠᠯ ᠳᠤ ᠣᠷᠣᠯᠴᠠᠨ ᠵᠢᠭᠠᠨ ᠵᠢᠯᠤᠭᠤᠳᠴᠦ᠂ ᠶᠡᠭᠡ ᠬᠤᠷᠠᠯ   ᠤᠨ ᠡᠯ᠎ᠡ ᠲᠦᠷᠦᠯ ᠤᠨ ᠵᠥᠪᠯᠡᠬᠦ ᠵᠦᠢᠯ ᠤᠷᠤᠭᠰᠢᠲᠠᠢ ᠶᠠᠪᠤᠭᠳᠠᠵᠦ᠂ ᠠᠯᠲᠡᠨᠬᠢᠯᠢ ᠰᠤᠮᠤᠨ ᠤ ᠠᠷᠠᠳ ᠤᠨ ᠵᠠᠰᠠᠭ ᠤᠨ ᠣᠷᠳᠣᠨ ᠤ  ᠰᠤᠮᠤᠨ ᠳᠠᠷᠤᠭ᠎ᠠ 1 ᠨᠠᠷ᠎ᠠ᠂ ᠳᠡᠳ᠋ ᠰᠤᠮᠤᠨ ᠳᠠᠷᠤᠭ᠎ᠠ 1 ᠨᠠᠷ᠎ᠠ ᠢ ᠬᠠᠤᠯᠢ ᠶᠣᠰᠣᠭᠠᠷ ᠰᠣᠩᠭᠤᠨ ᠭᠠᠷᠭᠠᠪᠠ᠃      ᠪᠡᠯᠡᠳᠬᠡᠯ ᠬᠤᠷᠠᠯ ᠳᠤ᠂ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠮᠡᠳᠡᠭᠦᠯᠦᠯᠲᠡ᠂ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ᠂ ︽ᠬᠤᠷᠠᠯ ᠤᠨ ᠵᠥᠪᠯᠡᠬᠦ ᠵᠦᠢᠯ ︵ᠲᠥᠰᠥᠯ︶︾ ︽ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ ᠤ ᠨᠡᠷᠡᠰ ︵ᠲᠥᠰᠥᠯ︶︾       ︽ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶︾ ︽ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠭᠡᠰᠢᠭᠦᠨ ᠤ ᠨᠡᠷᠡᠰ  ︵ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃      ᠲᠡᠷᠢᠭᠦᠯᠡᠭᠴᠢᠳ ᠤᠨ ᠪᠦᠯᠬᠦᠮ ᠤᠨ ᠬᠤᠷᠠᠯᠳᠤᠭᠠᠨ ᠳᠤ᠂ ᠬᠤᠷᠠᠯ ᠤᠨ ᠳᠠᠷᠠᠭᠠᠯᠠᠯ ︵ᠲᠥᠰᠥᠯ︶᠂ ᠭᠦᠢᠴᠡᠳᠬᠡᠬᠦ ᠲᠡᠷᠢᠭᠦᠯᠡᠭᠴᠢ ᠶᠢᠨ ᠨᠡᠷᠡᠰ ︵ᠲᠥᠰᠥᠯ︶᠂ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠭᠰᠠᠨ ᠪᠠᠶᠢᠳᠠᠯ ︵ᠲᠥᠰᠥᠯ︶᠂ ︽ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ︾ ︵ᠲᠥᠰᠥᠯ︶᠂       ︽ᠶᠡᠭᠡ ᠬᠤᠷᠠᠯ ᠤᠨ ᠰᠠᠨᠠᠯ ᠵᠥᠪᠯᠡᠯᠭᠡ ᠶᠢ ᠳᠡᠪᠰᠢᠭᠦᠯᠬᠦ ᠴᠠᠭ   ᠤᠨ  ᠬᠢᠵᠠᠭᠠᠷ︾ ︵ᠲᠥᠰᠥᠯ︶ ᠢ ᠶᠠᠷᠢᠯᠴᠠᠨ ᠬᠢᠨᠠᠨ ᠵᠦᠪᠯᠡᠨ ᠪᠠᠲᠦᠯᠠᠵᠦ  ᠂ ᠰᠤᠮᠤᠨ ᠤ ᠨᠠᠮ ᠤᠨ ᠬᠤᠷᠢᠶ᠎ᠠ  ᠶᠢᠨ ᠨᠠᠷ᠎ᠡ ᠲᠤᠷᠠᠳᠤᠭᠰᠡᠨ ᠵᠢᠱᠢᠭᠳᠡᠭᠰᠡᠳ ᠤᠨ ᠪᠠᠶᠢᠳᠠᠯ ᠤᠨ ᠲᠣᠳᠣᠷᠬᠠᠶᠢᠯᠠᠯᠲᠠ ᠶᠢ ᠰᠤᠨᠤᠰᠪᠠ᠃      ᠪᠥᠬᠦᠳᠡ ᠬᠤᠷᠠᠯ ᠳᠤ᠂ ᠠᠯᠲᠡᠨᠬᠢᠯᠢ ᠰᠤᠮᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾         ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠢᠯᠡᠳᠬᠡᠯ︾ ︽ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ︾ ︽2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾ ︽ᠠᠵᠤ ᠠᠬᠤᠢ᠂ ᠰᠣᠶᠣᠯ᠂ ᠤᠯᠠᠨ ᠨᠡᠶᠢᠲᠡ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ᠢ ᠰᠣᠨᠣᠰᠴᠤ ᠬᠢᠨᠠᠨ ᠵᠥᠪᠯᠡᠪᠡ᠃      ᠲᠤᠭᠤᠶᠢᠯᠡᠩ ᠬᠤᠪᠢᠶᠠᠨ ᠶᠠᠷᠢᠯᠴᠠᠬᠤ ᠳᠤ᠂ ᠲᠥᠯᠥᠭᠡᠯᠡᠭᠴᠢᠳ ᠡᠯ᠎ᠡ ᠲᠦᠷᠦᠯ ᠤᠨ ᠠᠵᠢᠯ ᠤᠨ ᠮᠡᠳᠡᠭᠦᠯᠦᠯᠲᠡ ᠶᠢ ᠬᠠᠯᠠᠭᠤᠨ ᠢᠶᠠᠷ ᠶᠠᠷᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠣᠷᠴᠢᠨ ᠲᠣᠭᠤᠷᠢᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠦᠨᠳᠦᠰᠦᠨ ᠱᠠᠲᠤᠨ ᠤ ᠵᠠᠰᠠᠯᠲᠠ᠂ ᠵᠠᠮ ᠬᠠᠷᠢᠯᠴᠠᠭ᠎ᠠ ᠵᠡᠷᠭᠡ ᠤᠯᠠᠨ ᠲᠦᠮᠡᠨ ᠤ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠶᠠᠷᠢᠯᠴᠠᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠬᠦᠢᠴᠠᠳ ᠪᠠᠳᠠᠷᠠᠭᠤᠯᠪᠡ᠃      ᠬᠤᠷᠠᠯ ᠳᠤ᠂ ︽ᠰᠣᠩᠭᠤᠭᠤᠯᠢ ᠶᠢᠨ ᠠᠷᠭ᠎ᠠ︾ ︵ᠲᠥᠰᠥᠯ︶᠂ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ︵ᠲᠥᠰᠥᠯ︶᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠬᠦ ᠠᠷᠭ᠎ᠠ ︵ᠲᠥᠰᠥᠯ︶ ᠶᠢ ᠪᠠᠲᠤᠯᠠᠵᠦ᠂ ᠶᠡᠭᠡ ᠬᠤᠷᠠᠯ ᠤᠨ ᠰᠣᠩᠭᠤᠭᠤᠯᠢ ᠪᠠᠷ ᠳᠡᠮᠵᠢᠨ᠂ ᠰᠤᠳᠤ ᠨᠥᠬᠦᠷ ᠠᠯᠲᠡᠨᠬᠢᠯᠢ ᠰᠤᠮᠤᠨ ᠤ ᠠᠷᠠᠳ ᠤᠨ ᠵᠠᠰᠠᠭ ᠤᠨ ᠣᠷᠳᠣᠨ ᠤ ᠰᠤᠮᠤᠨ ᠳᠠᠷᠤᠭ᠎ᠠ ᠪᠠᠷ ᠰᠣᠩᠭᠤᠭᠳᠠᠵᠤ᠂ ᠵᠠᠩ ᠶᠤᠸᠠᠢ ᠨᠥᠬᠦᠷ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠪᠠᠷ ᠰᠣᠩᠭᠤᠭᠳᠠᠵᠤ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠤᠩᠭᠤᠨ ᠭᠠᠷᠭᠠᠪᠠ᠃      ᠰᠤᠮᠤᠨ ᠤ ᠨᠠᠮ ᠤᠨ ᠬᠤᠷᠢᠶᠠᠨ ᠤ ᠱᠦᠵᠢ ᠰᠢᠵᠢᠷᠭᠡᠷᠡᠯ ᠨᠥᠬᠦᠷ ᠠᠴᠠ ᠰᠣᠩᠭᠤᠭᠤᠯᠢ ᠶᠢᠨ ᠦᠷ᠎ᠡ ᠳ᠋ᠦᠩ ᠢ ᠨᠡᠶᠢᠲᠡᠯᠡᠵᠦ᠂ ᠰᠢᠨ᠎ᠡ ᠪᠠᠷ ᠰᠣᠩᠭᠤᠭᠳᠠᠭᠰᠠᠨ ᠲᠤ ︽ᠰᠣᠩᠭᠤᠭᠳᠠᠭᠰᠠᠨ ᠦᠨᠡᠮᠯᠡᠯ︾ ᠭᠠᠷᠳᠠᠭᠤᠯᠵᠦ᠂ ᠰᠢᠨ᠎ᠡ ᠪᠠᠷ ᠰᠣᠩᠭᠤᠭᠳᠠᠭᠰᠠᠨ ᠨᠥᠬᠦᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠵᠦ᠂ ᠣᠪᠣᠷ ᠢᠶᠠᠨ ᠢᠯᠡᠳᠬᠡᠪᠠ᠃      ᠬᠠᠮᠤᠭ ᠰᠡᠭᠦᠯ ᠳᠤ᠂ ᠠᠯᠲᠡᠨᠬᠢᠯᠢ ᠰᠤᠮᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠢᠮᠠᠳᠤᠭᠠᠷ ᠤᠳᠠᠭᠠᠨ ᠤ ᠬᠤᠷᠠᠯᠳᠤᠭᠠᠨ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ  ᠠᠮᠵᠢᠯᠲᠠ ᠲᠠᠢ  ᠦᠨᠳᠦᠷᠯᠡᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号