4 ᠰᠠᠷ᠎ᠠ ᠶᠢᠨ 15 ᠤ ᠡᠳᠦᠷ᠂ ᠮᠠᠨ ᠤ ᠬᠤᠰᠢᠭᠤᠨ ᠤ 2025 ᠣᠨ ᠤ ᠠᠶᠢᠮᠠᠭ ᠤᠨ ᠲᠠᠰ ᠤᠨ | ᠭᠤᠤᠯᠳᠠᠯᠭ᠎ᠠ ᠲᠠᠢ ᠲᠥᠷᠥᠯ ᠵᠦᠶᠯ ᠤᠨ ᠡᠯ᠎ᠡ ᠪᠠᠷᠢᠯᠭ᠎ᠠ ᠶᠢᠨ ᠭᠠᠵᠠᠷ ᠨᠢ ᠶᠠᠭᠠᠷᠠᠯᠲᠠᠢ ᠠᠵᠢᠯᠯᠠᠵᠤ᠂ ᠮᠠᠨ ᠤ | ᠬᠤᠰᠢᠭᠤᠨ ᠤ 13 ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠦᠶᠯ ᠥᠨᠥᠳᠦᠷ ᠵᠢᠩᠬᠢᠨᠢ ᠪᠠᠷ ᠠᠵᠢᠯ | ᠢᠶᠠᠨ ᠡᠬᠢᠯᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ 2025 ᠣᠨ ᠳᠤ᠂ ᠮᠠᠨ ᠤ ᠬᠤᠰᠢᠭᠤᠨ ᠤ ᠵᠢᠯ ᠤᠨ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠳᠡᠭᠡᠭᠰᠢᠬᠢ 46 ᠭᠤᠤᠯᠳᠠᠯᠭ᠎ᠠ ᠲᠠᠢ ᠲᠥᠷᠥᠯ ᠵᠦᠶᠯ | ( 29 ᠵᠦᠶᠯ ᠢ ᠰᠢᠨ᠎ᠡ ᠪᠠᠷ ᠪᠠᠶᠢᠭᠤᠯᠵᠤ᠂ 17 ᠵᠦᠶᠯ ᠢ ᠦᠷᠭᠦᠯᠵᠢᠯᠡᠨ ᠪᠠᠶᠢᠭᠤᠯᠤᠨ᠎ᠠ ) ᠪᠠᠶᠢᠵᠤ᠂ ᠶᠡᠷᠦᠩᠬᠡᠶ | ᠪᠠᠯᠠ ᠣᠷᠣᠭᠤᠯᠤᠯᠲᠠ ᠨᠢ 153 ᠳ᠋ᠦᠩᠰᠢᠭᠤᠷ ᠲᠥᠭᠦᠷᠢᠭ᠂ ᠵᠢᠯ ᠤᠨ ᠳᠣᠲᠣᠷ᠎ᠠ 25.8 ᠳ᠋ᠦᠩᠰᠢᠭᠤᠷ ᠲᠥᠭᠦᠷᠢᠭ | ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 10 % ᠪᠠᠷ ᠨᠡᠮᠡᠭᠳᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ | ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠦᠶᠯ 13 ᠪᠠᠶᠢᠵᠤ᠂ ᠵᠢᠯ ᠤᠨ ᠳᠣᠲᠣᠷ᠎ᠠ 19.4 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠠᠳᠠᠯᠢ ᠬᠤᠭᠤᠴᠠᠭᠠᠨ ᠤ | ᠬᠢ ᠠᠴᠠ 31.1 % ᠪᠠᠷ ᠨᠡᠮᠡᠭᠳᠡᠭᠦᠯᠦᠨ᠎ᠡ᠃ ᠲᠥᠷᠥᠯ ᠵᠦᠶᠯ ᠤᠨ ᠪᠠᠶᠢᠳᠠᠯ ᠢᠶᠠᠷ ᠬᠤᠪᠢᠶᠠᠪᠠᠯ᠄ ᠰᠢᠨ᠎ᠡ ᠪᠠᠷ 7 | ᠲᠥᠷᠥᠯ ᠵᠦᠶᠯ ᠢ ᠪᠠᠶᠢᠭᠤᠯᠵᠤ᠂ 6 ᠲᠥᠷᠥᠯ ᠵᠦᠶᠯ ᠢ ᠦᠷᠭᠦᠯᠵᠢᠯᠡᠨ ᠪᠠᠶᠢᠭᠤᠯᠤᠨ᠎ᠠ᠃ ᠡᠳᠡᠭᠡᠷ ᠲᠥᠰᠦᠯ ᠨᠢ | ᠡᠨᠧᠷᠭᠢ᠂ ᠠᠵᠤ ᠦᠢᠯᠡᠳᠪᠦᠷᠢ᠂ ᠰᠠᠭᠤᠷᠢ ᠲᠥᠬᠦᠭᠡᠷᠦᠮᠵᠢ ᠵᠡᠷᠭᠡ ᠣᠯᠠᠨ ᠬᠦᠷᠢᠶ᠎ᠡ ᠶᠢ ᠬᠠᠮᠤᠷᠴᠤ᠂ ᠵᠢᠱᠢᠶᠡᠯᠡᠪᠡᠯ᠂ | ᠮᠠᠨ ᠤ ᠬᠤᠰᠢᠭᠤᠨ ᠤ ᠤᠯᠢᠶᠠᠰᠤᠲᠠᠢ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠰᠡᠭᠦᠯ ᠤᠨ | ᠤᠰᠤᠨ ᠤ ᠵᠣᠬᠢᠶᠠᠮᠠᠯ ᠨᠤᠭᠤ ᠭᠠᠵᠠᠷ ᠤᠨ ᠲᠦᠷᠦᠯ ᠵᠦᠢᠯ᠂ ᠵᠡᠭᠦᠨ ᠦᠵᠦᠮᠦᠴᠢᠨ ᠬᠤᠰᠢᠭᠤᠨ ᠤ ᠵᠢᠭᠠᠨ | ᠰᠤᠷᠭᠠᠬᠤ ᠨᠥᠬᠦᠴᠡᠯ ᠢ ᠶᠡᠷᠦᠩᠬᠡᠶᠢᠯᠡᠨ ᠳᠡᠭᠡᠭᠰᠢᠯᠡᠭᠦᠯᠬᠦ ᠲᠥᠰᠦᠯ᠂ ᠵᠡᠭᠦᠨ ᠦᠵᠦᠮᠦᠴᠢᠨ ᠬᠤᠰᠢᠭᠤᠨ ᠤ ᠤᠮᠠᠷᠠᠲᠤ | ᠣᠷᠣᠨ ᠤ ᠴᠢᠯᠠᠭᠤᠨ ᠲᠣᠰᠣ ᠶᠢ ᠨᠡᠭᠡᠭᠡᠨ ᠠᠰᠢᠭᠯᠠᠬᠤ ᠲᠥᠰᠦᠯ᠂ ᠵᠡᠭᠦᠨ ᠦᠵᠦᠮᠦᠴᠢᠨ ᠬᠤᠰᠢᠭᠤᠨ ᠤ ᠬᠤᠩ | ᠪᠥᠸᠧ ᠴᠢᠯᠠᠭᠤᠨ ᠲᠣᠰᠣᠨ ᠤ ᠠᠭᠤᠷᠬᠠᠶ ᠶᠢᠨ ᠨᠡᠭᠡᠭᠡᠨ ᠬᠥᠭᠵᠢᠭᠦᠯᠬᠦ ᠲᠥᠰᠦᠯ᠂ ᠵᠡᠭᠦᠨ ᠦᠵᠦᠮᠦᠴᠢᠨ | ᠬᠤᠰᠢᠭᠤᠨ ᠤ ᠪᠥᠸᠧ ᠶᠤᠸᠠᠨ ᠪᠣᠭᠤᠮᠲᠠ ᠶᠢᠨ ᠤᠶᠤᠨᠲᠤ ᠪᠠᠷᠠᠭ᠎ᠠ ᠶᠢᠨ ᠭᠦᠶᠯᠭᠡᠭᠡᠨ ᠤ ᠳᠣᠤᠷ᠎ᠠ | ᠨᠡᠭᠦᠷᠡᠰᠦᠲᠥ᠋ᠷᠥᠭᠴᠢᠲᠦ ᠡᠬᠡ ᠬᠠᠭᠤᠷᠠᠶ ᠶᠢᠨ ᠭᠠᠷᠠᠮ ᠤᠨ ᠲᠥᠷᠥᠯ ᠵᠦᠶᠯ᠂ ᠰᠢᠯᠢ ᠶᠢᠨ ᠭᠤᠤᠯ ᠠᠶᠢᠮᠠᠭ ᠤᠨ | ᠭᠤᠷᠪᠠᠨ ᠤᠮᠠᠷᠠᠲᠤ ᠶᠢᠨ ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠲᠠᠷ ᠭᠠᠵᠠᠷ ᠢ ᠨᠢᠭᠡ | ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠲᠥᠷᠥᠯ ᠵᠦᠶᠯ ᠪᠠᠶᠢᠵᠤ᠂ ᠮᠠᠨ ᠤ ᠬᠤᠰᠢᠭᠤᠨ ᠤ ᠠᠵᠤ ᠦᠶᠯᠡᠰ ᠤᠨ | ᠳᠡᠰ ᠳᠡᠪᠰᠢᠬᠦ ᠶᠢ ᠠᠬᠢᠭᠤᠯᠬᠤ᠂ ᠣᠷᠣᠨ ᠪᠦᠰᠡ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | ᠭᠤᠤᠯᠳᠠᠯᠭ᠎ᠠ ᠲᠠᠢ ᠲᠥᠷᠥᠯ ᠵᠦᠶᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠮᠠᠨ ᠤ | ᠬᠤᠰᠢᠭᠤ ᠠᠯᠢ ᠣᠯᠠᠨ ᠥᠨᠳᠥᠷ ᠪᠦᠲᠦᠮᠵᠢᠲᠡᠶ ᠦᠶᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠪᠠ᠃ | ᠨᠢᠭᠡ ᠲᠠᠯ᠎ᠠ ᠪᠠᠷ᠂ ᠲᠥᠷᠥᠯ ᠵᠦᠶᠯ ᠢ ᠠᠬᠢᠭᠤᠯᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠤᠰᠬᠠᠶ ᠬᠥᠮᠦᠨ | ᠢᠶᠠᠷ ᠮᠥᠷᠳᠡᠨ ᠦᠶᠯᠡᠴᠢᠯᠡᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ | ᠲᠤᠯᠭᠠᠷᠠᠭᠰᠠᠨ ᠭᠠᠵᠠᠷ ᠰᠢᠷᠣᠶ᠂ ᠪᠠᠯᠠ ᠮᠥᠩᠭᠦ᠂ ᠬᠢᠨᠠᠨ ᠵᠥᠪᠰᠢᠶᠡᠷᠡᠬᠦ ᠵᠡᠷᠭᠡ ᠬᠦᠴᠢᠷ ᠠᠰᠠᠭᠤᠳᠠᠯ ᠢ ᠴᠠᠭ ᠲᠤᠬᠠᠶ | ᠳᠤᠨᠢ ᠵᠣᠬᠢᠴᠠᠭᠤᠯᠤᠨ ᠰᠢᠶᠳᠪᠦᠷᠢᠯᠡᠨ᠎ᠡ᠃ ᠨᠥᠭᠦᠭᠡ ᠲᠠᠯ᠎ᠠ ᠪᠠᠷ᠂ ᠨᠡᠶᠢᠯᠡᠭᠦᠯᠦᠨ ᠭᠦᠶᠴᠡᠳᠬᠡᠬᠦ᠂ ᠳᠤᠲᠠᠭᠤᠳᠠᠯ ᠢ | ᠭᠦᠶᠴᠡᠳᠬᠡᠬᠦ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠡᠷᠡᠭᠵᠢᠭᠦᠯᠵᠦ᠂ ᠲᠥᠷᠥᠯ ᠵᠦᠶᠯ ᠤᠨ | ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ ᠴᠠᠭ ᠢ ᠶᠡᠭᠡ ᠪᠠᠷ ᠪᠣᠭᠤᠨᠢᠰᠬᠠᠵᠤ᠂ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | ᠰᠤᠷᠪᠤᠯᠵᠢᠯᠠᠭᠴᠢ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ | ᠡᠨᠡ ᠵᠢᠯ ᠠᠴᠠ ᠨᠠᠭᠠᠰᠢ᠂ ᠮᠠᠨ ᠤ ᠬᠤᠰᠢᠭᠤ ᠴᠢᠬᠤᠯᠠ ᠶᠡᠭᠡ ᠲᠥᠷᠥᠯ ᠵᠦᠶᠯ ᠢ ᠲᠥᠯᠥᠪᠵᠢᠭᠦᠯᠬᠦ ᠠᠵᠢᠯᠯᠠᠭ᠎ᠠ ᠪᠠᠷ | ᠴᠢᠬᠤᠯᠠ ᠭᠠᠷᠳᠠᠴᠠ ᠪᠣᠯᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢᠨ ᠲᠣᠭᠤᠷᠢᠨ ᠳᠤ᠂ ᠨᠠᠩ ᠣᠯᠠᠨ ᠴᠢᠨᠠᠷ ᠰᠠᠶᠢᠲᠠᠶ ᠲᠥᠷᠥᠯ ᠵᠦᠶᠯ ᠢ ᠨᠠᠷᠢᠯᠢᠭ ᠣᠨᠣᠪᠴᠢᠲᠠᠶ | ᠲᠥᠰᠦᠪᠯᠡᠨ ᠨᠥᠭᠡᠴᠡᠯᠡᠵᠦ᠂ ᠲᠥᠷᠥᠯ ᠵᠦᠶᠯ ᠤᠨ ᠪᠣᠯᠪᠠᠰᠤᠷᠠᠩᠭᠤᠶ ᠶᠢᠨ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ ᠡᠭᠦᠨ ᠤ ᠬᠠᠮᠲᠤ᠂ ᠲᠥᠷᠥᠯ ᠵᠦᠶᠯ ᠤᠨ ᠦᠶᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠪᠥᠬᠦ ᠬᠡᠯᠬᠢᠶ᠎ᠡ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠦᠷᠢᠯᠳᠦᠭᠦᠯᠵᠦ᠂ ᠲᠥᠷᠥ ᠶᠢᠨ | ᠪᠣᠳᠣᠯᠭ᠎ᠠ ᠪᠠᠷ ᠬᠠᠮᠵᠢᠯᠴᠠᠬᠤ ᠪᠠ ᠣᠷᠣᠨ ᠪᠦᠰᠡ ᠠᠯᠤᠰᠯᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠠᠷᠭ᠎ᠠ ᠪᠦᠬᠦᠨ ᠢ ᠰᠦᠪᠡᠭᠴᠢᠯᠡᠨ ᠴᠢᠬᠤᠯᠠ ᠶᠡᠭᠡ ᠲᠥᠷᠥᠯ ᠵᠦᠶᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ | ᠨᠣᠷᠮ᠎ᠠ ᠶᠢ ᠳᠡᠭᠡᠭᠰᠢᠯᠡᠭᠦᠯᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ | ᠪᠠᠲᠤᠯᠠᠨ᠎ᠠ᠃ | ᠲᠣᠰ ᠤᠳᠠᠭᠠᠨ ᠤ ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠬᠦ ᠲᠠᠯ᠎ᠠ ᠪᠠᠷ | ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠨᠢ ᠮᠠᠨ ᠤ ᠬᠤᠰᠢᠭᠤᠨ ᠤ ᠢᠳᠡᠪᠬᠢᠲᠡᠶ ᠤᠷᠤᠭᠰᠢᠯᠠᠨ ᠳᠡᠪᠰᠢᠵᠦ᠂ ᠦᠨᠡᠨ | ᠬᠦ ᠠᠳᠬᠤᠨ ᠪᠣᠳᠠᠲᠠᠶ ᠠᠵᠢᠯᠯᠠᠬᠤ ᠬᠥᠭᠵᠢᠯᠲᠡ ᠶᠢᠨ ᠡᠷᠴᠢ ᠵᠣᠷᠢᠭ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ | ᠨᠠᠩ ᠴᠤ ᠪᠥᠬᠦ ᠵᠢᠯ ᠤᠨ ᠠᠵᠤ ᠠᠬᠤᠶ ᠶᠢᠨ ᠬᠥᠭᠵᠢᠯᠲᠡ ᠰᠠᠶᠢᠨ ᠡᠬᠢᠯᠡᠯᠲᠡ ᠲᠠᠢ ᠪᠣᠯᠤᠭᠰᠠᠨ ᠢ ᠬᠠᠷᠠᠭᠤᠯᠵᠠᠢ᠃ | ᠡᠲᠡᠭᠡᠷ ᠲᠥᠷᠥᠯ ᠵᠦᠶᠯ ᠤᠨ ᠲᠣᠭᠲᠠᠭᠤᠨ ᠢᠶᠠᠷ ᠠᠭᠢᠬᠤ ᠪᠠ ᠵᠠᠯᠭᠠᠭ᠎ᠠ ᠪᠠᠷ ᠪᠠᠶᠢᠭᠤᠯᠤᠭᠳᠠᠵᠤ ᠠᠰᠢᠭᠯᠠᠯᠲᠠ ᠳᠤ | ᠣᠷᠣᠬᠤ ᠶᠢ ᠳᠠᠭᠠᠯᠳᠤᠨ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠦᠭᠵᠢᠯᠲᠡ ᠶᠢ ᠬᠦᠴᠦᠲᠡᠶ ᠠᠬᠢᠭᠤᠯᠵᠤ᠂ | ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃ |