ᠲᠡᠷᠢᠭᠦᠨ ᠤ ᠭᠠᠵᠠᠷ ᠣᠷᠣᠨ ᠤ ᠪᠣᠭᠤᠮᠲᠠ ᠶᠢᠨ ᠬᠠᠮᠢᠶᠠᠷᠤᠯᠲᠠ ᠡᠵᠡᠩᠨᠡᠯᠲᠡ ᠶᠢᠨ ᠲᠤᠷᠰᠢᠯᠭ᠎ᠠ ᠪᠠ ᠠᠷᠭ᠎ᠠ | ᠬᠡᠯᠪᠡᠷᠢ ᠶᠢ ᠰᠤᠷᠤᠯᠴᠠᠬᠤ ᠶᠢᠨ ᠲᠥᠯᠥᠭᠡ᠂ 4 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠠᠩ ᠱᠧᠩ | ᠪᠦᠯᠬᠦᠮ ᠳᠠᠭᠠᠭᠤᠯᠤᠨ ᠪᠠᠶᠠᠨᠨᠠᠭᠤᠷ ᠬᠤᠲᠠ ᠶᠢᠨ ᠭᠠᠭᠴᠠᠮᠣᠳᠣ ᠬᠢᠯᠢ ᠶᠢᠨ ᠪᠣᠭᠤᠮᠲᠠ ᠪᠠ ᠭᠤᠸᠠᠩᠰᠢ ᠶᠢᠨ ᠫᠢᠩ | ᠰᠢᠶᠠᠩ ᠬᠢᠯᠢ ᠶᠢᠨ ᠪᠣᠭᠤᠮᠲᠠ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠦᠳᠡᠷ | ᠪᠣᠯᠤᠨ ᠬᠢᠯᠢ ᠶᠢᠨ ᠪᠣᠭᠤᠮᠲᠠ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ | ᠪᠣᠯᠵᠤ ᠰᠢᠨᠵᠢᠯᠡᠨ ᠪᠠᠶᠢᠴᠠᠭᠠᠪᠠ᠃ | ᠭᠠᠭᠴᠠᠮᠣᠳᠣ ᠬᠢᠯᠢ ᠶᠢᠨ ᠪᠣᠭᠤᠮᠲᠠ ᠳᠤ᠂ ᠭᠠᠨ ᠴᠢᠤᠸᠠᠨ ᠲᠡᠮᠦᠷ ᠵᠠᠮ᠂ ᠬᠢᠯᠢ ᠠᠴᠠ ᠭᠠᠷᠬᠤ ᠲᠡᠷᠭᠡ | ᠬᠥᠰᠬᠡ ᠶᠢᠨ ᠦᠢᠯᠡᠴᠢᠯᠡᠭᠡᠨ ᠤ ᠲᠣᠭᠤᠷᠢᠭ ᠪᠠ ᠣᠶᠤᠨᠴᠢ ᠬᠠᠮᠢᠶᠠᠷᠤᠨ ᠡᠵᠡᠮᠳᠡᠬᠦ ᠲᠥᠪ᠂ ᠨᠠᠭᠤᠷ ᠵᠥᠩ ᠬᠤᠶ ᠶᠢᠨ | AGV ᠬᠢᠨᠠᠯᠲᠠ ᠬᠠᠮᠢᠶᠠᠷᠤᠯᠲᠠ ᠶᠢᠨ ᠲᠠᠯᠠᠪᠤᠷ᠂ ︽12 ᠲᠡᠷᠭᠡ ᠪᠠᠷ ᠣᠷᠤᠵᠤ ᠢᠷᠡᠨ 7 ᠲᠡᠷᠭᠡ ᠪᠠᠷ ᠭᠠᠷᠬᠤ︾ | ᠪᠠᠷᠠᠭᠠᠨ ᠤ ᠲᠡᠭᠡᠭᠡᠪᠦᠷᠢ ᠶᠢᠨ ᠵᠠᠮ ᠵᠢᠴᠢ ᠤᠶᠤᠨᠲᠤ ᠪᠣᠭᠤᠮᠲᠠ᠂ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ | ᠵᠢᠯᠣᠭᠤᠳᠬᠤ ᠲᠥᠪ ᠵᠡᠷᠭᠡ ᠶᠢ ᠰᠢᠨᠵᠢᠯᠡᠨ ᠪᠠᠶᠢᠴᠠᠭᠠᠵᠤ᠂ ᠭᠠᠭᠴᠠᠮᠣᠳᠣ ᠪᠣᠭᠤᠮᠲᠠ ᠶᠢᠨ ᠭᠠᠳᠠᠭᠠᠳᠤ ᠨᠡᠭᠡᠭᠡᠯᠲᠡ | ᠵᠢᠴᠢ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠠᠪᠴᠢᠷᠠᠭᠰᠠᠨ ᠯᠤᠲᠤ ᠶᠡᠭᠡ ᠬᠤᠪᠢᠷᠠᠯᠲᠠ ᠶᠢ ᠣᠶᠢᠯᠠᠭᠠᠪᠠ᠃ | ᠫᠢᠩ ᠰᠢᠶᠠᠩ ᠪᠣᠭᠤᠮᠲᠠ ᠳᠤ᠂ ᠶᠸᠤ ᠢ ᠭᠤᠸᠠᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠨ | ᠰᠤᠳᠤᠯᠤᠯᠲᠠ ᠬᠢᠵᠦ ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ᠂ ᠳᠤᠮᠳᠠᠳᠤ ᠤᠯᠤᠰ ︵ᠫᠢᠩ ᠰᠢᠶᠠᠩ︶ | — ᠸᠢᠶᠧᠲᠨᠠᠮ ︵ᠸᠧᠨ ᠯᠥᠩ︶ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ᠂ ᠫᠦ᠋ ᠵᠠᠢ ᠪᠣᠯᠤᠨ ᠨᠦᠩ ᠶᠣᠣ | ᠵᠠᠬ᠎ᠠ ᠶᠢᠨ ᠠᠷᠠᠯᠵᠢᠶᠠᠨ ᠤ ᠴᠡᠭ ᠵᠡᠷᠭᠡ ᠪᠠᠶᠢᠳᠠᠯ ᠢ ᠦᠨᠳᠦᠰᠦᠯᠡᠨ᠂ ᠫᠢᠩ ᠰᠢᠶᠠᠩ ᠲᠡᠮᠦᠷ ᠵᠠᠮ ᠤᠨ ᠪᠣᠭᠤᠮᠲᠠ ᠶᠢᠨ | ᠪᠠᠷᠠᠭᠠᠨ ᠤ ᠭᠦᠢᠯᠭᠡᠭᠡᠨ ᠤ ᠪᠣᠭᠤᠮᠲᠠ ᠪᠠᠷ ᠥᠩᠭᠡᠷᠡᠬᠦ ᠶᠠᠪᠤᠴᠠ᠂ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠵᠡᠷᠭᠡ | ᠪᠠᠶᠢᠳᠠᠯ ᠢ ᠦᠨᠳᠦᠰᠦᠯᠡᠨ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠠᠵᠢᠯᠲᠠᠳ ᠮᠠᠨ ᠤ ᠬᠤᠰᠢᠭᠤᠨ ᠤ | ᠪᠣᠭᠤᠮᠲᠠ ᠶᠢᠨ ᠠᠰᠠᠭᠤᠳᠠᠯ ᠲᠠᠢ ᠬᠠᠷᠢᠴᠠᠭᠤᠯᠤᠨ ᠨᠢᠭᠡᠳ ᠨᠢᠭᠡ ᠪᠠᠷ ᠬᠠᠷᠢᠭᠤᠯᠲᠠ ᠥᠭᠪᠡ᠃ | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠴᠠᠩ ᠱᠧᠩ ᠠᠴᠠ᠂ ᠬᠤᠶᠠᠷ ᠭᠠᠵᠠᠷ ᠤᠨ ᠬᠢᠯᠢ ᠶᠢᠨ | ᠪᠣᠭᠤᠮᠲᠠ ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠲᠤᠷᠰᠢᠯᠭ᠎ᠠ ᠨᠢ ᠵᠡᠭᠦᠨ ᠬᠠᠲᠠᠪᠴᠢ ᠪᠣᠭᠤᠮᠲᠠ ᠶᠢᠨ | ᠲᠥᠯᠥᠪᠵᠢᠭᠦᠯᠭᠡ ︵ᠵᠠᠰᠠᠨ ᠨᠠᠶᠢᠷᠠᠭᠤᠯᠬᠤ︶᠂ ᠵᠠᠬ᠎ᠠ ᠶᠢᠨ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ | ᠲᠦᠢᠯ ᠤᠨ ᠴᠢᠬᠤᠯᠠ ᠲᠣᠯᠢᠯᠠᠬᠤ ᠪᠠ ᠰᠡᠩᠬᠡᠷᠡᠭᠦᠯᠬᠦ ᠦᠢᠯᠡᠳᠦᠯ ᠲᠠᠢ ᠶᠤᠮ᠃ ᠰᠤᠷᠤᠯᠴᠠᠵᠤ ᠰᠢᠨᠵᠢᠯᠡᠨ | ᠪᠠᠶᠢᠴᠠᠭᠠᠬᠤ ᠲᠠᠢ ᠤᠶᠠᠯᠳᠤᠭᠤᠯᠤᠨ᠂ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠰᠠᠶᠢᠨ ᠲᠠᠢ | ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠬᠤᠯᠪᠣᠭᠠᠯᠠᠨ ᠡᠵᠡᠩᠨᠡᠬᠦ᠂ ᠭᠠᠶᠢᠯᠢ ᠰᠦᠢᠳᠭᠡᠯ ᠢ ᠲᠡᠮᠡᠴᠡᠨ ᠤᠯᠬᠤ᠂ ᠵᠠᠮ ᠤᠨ ᠪᠥᠲᠥᠭᠡᠨ | ᠪᠠᠶᠢᠭᠤᠯᠤᠯᠲᠠ᠂ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠲᠥᠬᠦᠭᠡᠷᠦᠮᠵᠢ ᠶᠢ ᠲᠥᠯᠥᠪᠦᠷᠢ ᠲᠠᠢ ᠬᠡᠷᠡᠭᠯᠡᠬᠦ | ᠰᠦᠢᠳᠬᠡᠯ ᠲᠠᠲᠠᠪᠤᠷᠢᠯᠠᠬᠤ ᠵᠡᠷᠭᠡ ᠡᠯ᠎ᠡ ᠲᠠᠯ᠎ᠠ ᠪᠠᠷ᠂ ᠡᠯ᠎ᠡ ᠵᠦᠢᠯ ᠤᠨ ᠠᠵᠢᠯ ᠤᠨ ᠰᠢᠨ᠎ᠡ ᠰᠢᠪᠲᠤᠯᠤᠯᠲᠠ ᠲᠠᠢ | ᠪᠣᠯᠬᠤ ᠶᠢ ᠪᠣᠳᠠᠲᠠᠶ ᠶᠢ ᠡᠷᠬᠢᠮᠯᠡᠨ ᠠᠬᠢᠭᠤᠯᠵᠤ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠵᠠᠬ᠎ᠠ | ᠳᠡᠯᠭᠡᠭᠦᠷ ᠢ ᠢᠳᠡᠪᠬᠢᠲᠡᠶ ᠪᠤᠶᠢᠵᠢᠭᠤᠯᠤᠨ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ ᠪᠡᠶᠡᠯᠡᠭᠦᠯᠵᠦ᠂ ᠮᠠᠨ ᠤ | ᠬᠤᠰᠢᠭᠤᠨ ᠤ ᠪᠣᠭᠤᠮᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ | ᠢᠯᠡᠷᠬᠡᠶᠢᠯᠡᠪᠡ᠃ | ᠡᠨᠡ ᠬᠤᠭᠤᠴᠠᠭᠠᠨ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠪᠠᠰᠠ ᠲᠧᠩ ᠱᠧᠩ ᠳ᠋ᠠ ᠡᠨᠧᠷᠭᠢ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠭᠤᠸᠠᠩᠰᠢ ᠶᠢᠨ ᠫᠢᠩ ᠰᠢᠶᠠᠩ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠤ ᠨᠡᠭᠡᠭᠡᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠫᠢᠩ ᠰᠢᠶᠠᠩ ᠬᠤᠲᠠ ᠶᠢᠨ | ᠤᠯᠤᠰ ᠤᠨ ᠠᠷᠠᠯᠵᠢᠶᠠᠨ ᠤ ᠪᠦᠯᠦᠭᠯᠡᠯ ᠤᠨ ᠰᠢᠶᠠᠩ ᠱᠧᠩ ᠺᠣᠮᠫᠠᠨᠢ ᠶᠢᠨ ᠬᠢᠨ AGV ᠲᠥᠷᠥᠯ ᠵᠦᠢᠯ ᠤᠨ | ᠡᠵᠡᠩᠨᠡᠯᠲᠡ᠂ ᠰᠠᠭᠤᠷᠢ ᠲᠥᠬᠦᠭᠡᠷᠦᠮᠵᠢ ᠶᠢ ᠨᠡᠭᠡᠭᠡᠨ ᠬᠥᠭᠵᠢᠭᠦᠯᠬᠦ ᠪᠠ ᠡᠵᠡᠩᠨᠡᠬᠦ ᠵᠡᠷᠭᠡ ᠲᠠᠯ᠎ᠠ ᠪᠠᠷ | ᠬᠤᠳᠠᠯᠳᠤᠭᠠᠴᠢᠨ ᠤᠷᠢᠬᠤ ᠰᠣᠯᠢᠯᠴᠠᠭ᠎ᠠ ᠥᠷᠨᠢᠭᠦᠯᠵᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ | ᠥᠷᠭᠡᠳᠬᠡᠨ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠪᠠᠷ ᠴᠢᠷᠮᠠᠶᠢᠭᠰᠠᠨ | ᠪᠠᠶᠢᠨ᠎ᠠ᠃ |