ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ | ᠶᠢ ᠳᠥᠯᠭᠢᠨ ᠠᠬᠢᠭᠤᠯᠵᠤ᠂ ᠥᠷᠭᠡᠨ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ | ᠴᠢᠩᠭᠠᠳᠬᠠᠬᠤ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ | ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ | ᠨᠢᠭᠤᠴᠠ ᠶᠢ ᠬᠠᠮᠠᠭᠠᠯᠠᠬᠤ ᠲᠣᠪᠴᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠤᠯᠠᠭᠠᠨᠮᠥ᠋ᠴᠢᠷ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠪᠯᠡᠯ ᠤᠨ ᠬᠤᠷᠢᠶ᠎ᠠ ᠬᠠᠮᠲᠤᠷᠠᠨ 《 ᠪᠥᠬᠦ ᠠᠷᠠᠳ ᠤᠨ ᠤᠯᠤᠰ ᠤᠨ | ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠠᠷᠪᠠᠨ ᠵᠢᠯ ᠤᠨ ᠣᠶ ᠂ 4 . 15 ᠤ | ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠵᠢᠴᠢ ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ | ᠪᠣᠳᠣᠯᠭ᠎ᠠ ᠬᠠᠤᠯᠢ ᠲᠦᠷᠢᠮ ᠤᠨ ᠤᠬᠠᠭᠤᠯᠭ᠎ᠠ ᠶᠢᠨ ᠰᠠᠷ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ | ᠭᠤᠤᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠢ ᠠᠮᠵᠢᠯᠲᠠ ᠲᠠᠢ ᠡᠷᠭᠢᠯᠡᠪᠡ ᠃ | ᠲᠣᠭᠯᠠᠯᠲᠠ ᠨᠢ ᠠᠷᠠᠳ ᠤᠨ ᠬᠥᠭᠵᠢᠮ ᠤᠨ ᠨᠠᠶᠢᠷᠠᠯ 《 ᠮᠣᠩᠭᠤᠯ ᠮᠣᠷᠢ 》 ᠶᠢᠨ ᠬᠦᠭ ᠠᠶᠠᠰ ᠳᠤᠮᠳᠠ | ᠬᠥᠰᠢᠭᠡ ᠪᠠᠨ ᠰᠡᠬᠦᠵᠦ᠂ ᠰᠦᠷ ᠳᠠᠯᠠᠶᠢᠴᠠᠲᠠᠢ ᠪᠠᠷ ᠬᠢᠯᠢ ᠬᠢᠵᠠᠭᠠᠷ ᠢ ᠬᠠᠮᠠᠭᠠᠯᠠᠬᠤ ᠪᠠᠶᠢᠯᠳᠤᠭᠴᠢᠳ ᠤᠨ ᠤᠯᠤᠰ | ᠤᠨ ᠨᠤᠲᠤᠭ ᠳᠡᠪᠢᠰᠬᠡᠷ ᠢᠶᠠᠨ ᠪᠠᠲᠤ ᠰᠠᠬᠢᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠭᠠᠲᠤᠷᠯᠢᠭ | ᠲᠦᠷᠢ ᠲᠥᠷᠬᠦ ᠶᠢ ᠢᠯᠡᠷᠡᠭᠦᠯᠵᠦ᠂ ᠦᠵᠡᠭᠴᠢᠳ ᠤᠨ ᠬᠠᠯᠠᠭᠤᠨ ᠰᠡᠳᠬᠢᠯᠭᠡ ᠶᠢ ᠬᠤᠷᠣᠮᠬᠠᠨ ᠵᠠᠭᠤᠷ᠎ᠠ | ᠬᠥᠭᠵᠢᠭᠡᠪᠡ᠃ ᠪᠦᠬᠦᠶᠢᠯᠡ ᠲᠣᠭᠯᠠᠯᠲᠠ ᠶᠢᠨ ᠬᠡᠯᠪᠡᠷᠢ ᠣᠯᠠᠨ ᠶᠠᠩᠵᠤ ᠶᠢᠨ ᠪᠠᠶᠢᠵᠤ᠂ ᠳᠠᠭᠤᠤ᠂ ᠰᠢᠯᠦᠭ ᠂ | ᠪᠥᠵᠢᠭ᠂ ᠬᠦᠭᠵᠢᠮ᠂ ᠬᠥᠭᠡᠮᠡᠶ ᠵᠡᠷᠭᠡ ᠲᠣᠭᠯᠠᠯᠲᠠ ᠨᠢ ᠤᠯᠤᠰ ᠤᠨ ᠠᠮᠤᠷ ᠲᠦᠪᠰᠢᠨ ᠤ ᠭᠤᠤᠯ ᠰᠡᠳᠦᠪ ᠤᠨ | ᠲᠣᠭᠤᠷᠢᠨ ᠳᠤ ᠶᠠᠪᠤᠭᠳᠠᠪᠠ᠃ ᠨᠢᠭᠡᠨ ᠪᠠᠳᠠᠭ 《 ᠠᠮᠤᠷ ᠲᠦᠪᠰᠢᠨ ᠤ ᠳᠠᠭᠤᠤ 》 ᠶᠢᠨ ᠠᠶᠠᠰ ᠨᠢ ᠢᠷᠠᠭᠤ | ᠰᠠᠶᠢᠬᠠᠨ᠂ ᠳᠠᠭᠤᠤ ᠶᠢᠨ ᠦᠭᠡ ᠨᠢ ᠴᠢᠩ ᠦᠨᠡᠨᠴᠢ ᠪᠠᠶᠢᠵᠤ᠂ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ | ᠢ ᠰᠡᠳᠬᠢᠯ ᠬᠥᠳᠡᠯᠭᠡᠮ᠎ᠡ ᠨᠣᠲ ᠲᠤ ᠠᠭᠤᠰᠬᠠᠨ ᠣᠷᠣᠭᠤᠯᠵᠤ᠂ ᠦᠵᠡᠭᠴᠢᠳ ᠲᠤ ᠳᠠᠭᠤᠤ ᠬᠥᠭᠵᠢᠮ ᠰᠣᠨᠢᠷᠬᠠᠬᠤ | ᠶᠢᠨ ᠬᠠᠮᠲᠤ ᠤᠯᠤᠰ ᠤᠨ ᠠᠮᠤᠷ ᠲᠦᠪᠰᠢᠨ ᠨᠢ ᠬᠥᠮᠦᠨ ᠪᠦᠬᠦᠨ ᠲᠠᠢ ᠨᠢᠭᠲᠠ ᠬᠤᠯᠪᠣᠭ᠎ᠠ ᠲᠠᠢ ᠭᠡᠳᠡᠭ ᠢ | ᠭᠦᠨᠵᠡᠭᠡᠢ ᠤᠢᠢᠯᠠᠭᠠᠭᠤᠯᠪᠠ ᠃ | ᠤᠢᠢᠷ᠎ᠠ ᠶᠢᠨ ᠵᠢᠯ ᠳᠤ᠂ ᠵᠡᠭᠦᠨ ᠦᠵᠦᠮᠦᠴᠢᠨ ᠬᠤᠰᠢᠭᠤ ᠢᠮᠠᠭᠲᠠ ᠤᠯᠤᠰ ᠤᠨ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠢ ᠴᠢᠬᠤᠯᠠ ᠠᠵᠢᠯ ᠪᠣᠯᠭᠠᠨ ᠠᠳᠬᠤᠵᠤ᠂ ᠤᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ | ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠲᠣᠰ ᠤᠳᠠᠭᠠᠨ ᠤ ᠭᠤᠤᠯ ᠰᠡᠳᠦᠪᠲᠦ ᠤᠷᠠᠨ ᠰᠠᠶᠢᠬᠠᠨ ᠤ | ᠲᠣᠭᠯᠠᠯᠲᠠ ᠶᠢᠨ ᠠᠮᠵᠢᠯᠲᠠ ᠲᠠᠢ ᠶᠠᠪᠤᠭᠳᠠᠭᠰᠠᠨ ᠨᠢ ᠵᠡᠭᠦᠨ ᠦᠵᠦᠮᠦᠴᠢᠨ ᠬᠤᠰᠢᠭᠤᠨ ᠤ ᠤᠯᠤᠰ ᠤᠨ ᠠᠮᠤᠷ | ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠤᠨ ᠨᠢᠭᠡ ᠤᠳᠠᠭᠠᠨ ᠤ ᠠᠮᠢᠳᠤᠯᠢᠭ ᠦᠶᠯᠡᠳᠦᠯᠭᠡ ᠪᠠᠶᠢᠵᠤ᠂ | 《ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ 》 ᠪᠠᠶᠢᠬᠤ ᠭᠦᠨ ᠵᠤᠵᠠᠭᠠᠨ | ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ | ᠥᠭᠴᠡᠶ ᠃ ᠢᠷᠡᠭᠡᠳᠦᠶ ᠳᠤ᠂ ᠵᠡᠭᠦᠨ ᠦᠵᠦᠮᠦᠴᠢᠨ ᠬᠤᠰᠢᠭᠤ ᠦᠷᠭᠦᠯᠵᠢᠯᠡᠨ ᠤᠬᠠᠭᠤᠯᠭ᠎ᠠ ᠬᠥᠮᠦᠵᠢᠯ ᠤᠨ | ᠬᠡᠯᠪᠡᠷᠢ ᠪᠠᠨ ᠰᠢᠨᠡᠴᠢᠯᠡᠵᠦ᠂ ᠠᠵᠢᠯᠯᠠᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠪᠥᠬᠦ ᠠᠷᠠᠳ ᠤᠨ ᠤᠯᠤᠰ ᠤᠨ | ᠠᠮᠤᠷ ᠲᠦᠪᠰᠢᠨ ᠤ ᠬᠥᠮᠦᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠬᠦ ᠶᠢ ᠠᠬᠢᠭᠤᠯᠵᠤ᠂ ᠤᠯᠤᠰ ᠤᠨ ᠠᠮᠤᠷ | ᠲᠦᠪᠰᠢᠨ ᠤ ᠤᠬᠠᠮᠰᠠᠷ ᠢ ᠥᠷᠭᠡᠨ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠎ᠠ᠃ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ ᠬᠡᠯᠳᠡᠰ ᠵᠥᠪᠯᠡᠯ | ᠠᠯᠪᠠᠨ ᠬᠡᠷ ᠲᠣᠪᠴᠢᠶ᠎ᠠ᠂ ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠢ ᠶᠢᠨ ᠨᠠᠮ ᠤᠨ | ᠤᠳᠤᠷᠢᠳᠬᠤ ᠳᠤᠭᠤᠶᠢᠯᠠᠩ ( ᠨᠠᠮ ᠤᠨ ᠬᠤᠷᠢᠶ᠎ᠠ )᠂ ᠡᠯ᠎ᠡ ᠠᠷᠠᠳ ᠤᠨ ᠪᠦᠯᠬᠦᠮ᠂ ᠡᠯ᠎ᠡ ᠴᠡᠷᠢᠭ ᠴᠠᠭᠳᠠᠭ᠎ᠠ | ᠴᠡᠷᠢᠭ ᠠᠩᠭᠢ ᠶᠢᠨ ᠬᠢᠨ ᠲᠣᠭᠯᠠᠯᠲᠠ ᠶᠢ ᠰᠣᠨᠢᠷᠬᠠᠪᠠ᠃ |