ᠣᠶᠢᠷ᠎ᠠ ᠶᠢᠨ ᠵᠢᠯ ᠳᠤ᠂ ᠵᠡᠭᠦᠨ ᠦᠵᠦᠮᠦᠴᠢᠨ ᠬᠤᠰᠢᠭᠤ ᠨᠡᠭᠡᠭᠡᠯᠲᠡ ᠬᠢᠵᠦ ᠬᠠᠮᠲᠤᠷᠠᠯᠴᠠᠬᠤ ᠴᠠᠭ | ᠦᠶ᠎ᠡ ᠶᠢᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠰᠠᠭᠤᠷᠢ ᠪᠥᠲᠥᠭᠡᠨ ᠪᠠᠶᠢᠭᠤᠯᠤᠯᠲᠠ ᠬᠢᠭᠡᠳ ᠠᠷᠠᠯᠵᠢᠶᠠᠨ ᠤ | ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠡᠭᠦᠨ ᠬᠠᠲᠠᠪᠴᠢ ᠪᠣᠭᠤᠮᠲᠠ | ᠴᠣ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠪᠠ᠃ ᠳᠤᠮᠳᠠᠳᠤ ᠤᠯᠤᠰ ᠪᠣᠯᠤᠨ ᠮᠣᠩᠭᠤᠯ | ᠤᠯᠤᠰ ᠯᠤᠭ᠎ᠠ ᠬᠤᠯᠪᠣᠭᠰᠠᠨ ᠴᠢᠬᠤᠯᠠ ᠠᠷᠠᠯᠵᠢᠶᠠᠨ ᠤ ᠵᠠᠮ ᠪᠣᠯᠤᠭᠰᠠᠨ ᠤ ᠬᠤᠪᠢ ᠳᠤ᠂ ᠠᠳᠡᠬᠢ ᠪᠠᠷᠠᠭᠠᠨ ᠤ | ᠭᠦᠢᠯᠭᠡᠭᠡᠨ ᠤ ᠳᠤᠤᠷ᠎ᠠ ᠨᠡᠭᠦᠷᠡᠰᠦᠲᠥ᠋ᠷᠥᠭᠴᠢᠲᠦ ᠭᠠᠷᠠᠮ — ᠵᠡᠭᠦᠨ ᠦᠵᠦᠮᠦᠴᠢᠨ ᠬᠤᠰᠢᠭᠤᠨ ᠤ ᠪᠥᠸᠧ ᠶᠤᠸᠠᠨ | ᠵᠡᠭᠦᠨ ᠬᠠᠲᠠᠪᠴᠢ ᠪᠣᠭᠤᠮᠲᠠ ᠶᠢᠨ ᠣᠶᠤᠨᠴᠢ ᠪᠠᠷᠠᠭᠠᠨ ᠤ ᠭᠦᠢᠯᠭᠡᠭᠡᠨ ᠤ ᠳᠤᠤᠷ᠎ᠠ ᠨᠡᠭᠦᠷᠡᠰᠦᠲᠥ᠋ᠷᠥᠭᠴᠢᠲᠦ | ᠭᠠᠷᠠᠮ ᠤᠨ ᠲᠥᠷᠥᠯ ᠵᠦᠢᠯ ᠢ ᠤᠳᠠᠯ ᠥᠬᠡᠶ ᠬᠥᠭᠵᠢᠭᠦᠯᠦᠨ ᠮᠠᠨᠳᠤᠭᠤᠯᠬᠤ ᠪᠣᠯᠤᠨ᠎ᠠ᠃ | ᠲᠣᠰ ᠲᠥᠷᠥᠯ ᠵᠦᠢᠯ ᠢ ᠥᠪᠥᠷ ᠮᠣᠩᠭᠤᠯ ᠤᠨ ᠪᠥᠸᠧ ᠶᠤᠸᠠᠨ ᠵᠡᠭᠦᠨ ᠦᠵᠦᠮᠦᠴᠢᠨ ᠤ ᠡᠨᠧᠷᠭᠢ ᠶᠢᠨ | ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠨᠡᠶᠢᠲᠡ 1.15 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠲᠥᠷᠥᠯ ᠵᠦᠢᠯ ᠤᠨ ᠭᠠᠵᠠᠷ ᠨᠢ ᠵᠡᠭᠦᠨ | ᠬᠠᠲᠠᠪᠴᠢ ᠪᠣᠭᠤᠮᠲᠠ ᠳᠤ ᠪᠠᠶᠢᠵᠤ᠂ 20 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠡᠵᠡᠯᠡᠵᠦ᠂ ᠥᠷᠭᠡᠨ | ᠠᠭᠤᠳᠠᠮ ᠣᠷᠣᠨ ᠵᠠᠶ ᠨᠢ ᠵᠠᠯᠭᠠᠮᠵᠢ ᠪᠠᠷᠠᠭᠠᠨ ᠤ ᠭᠦᠢᠯᠭᠡᠭᠡᠨ ᠤ ᠠᠵᠢᠯ᠂ ᠡᠳ᠋ ᠪᠠᠷᠠᠭ᠎ᠠ ᠬᠠᠳᠠᠭᠠᠯᠠᠬᠤ ᠵᠡᠷᠭᠡ ᠳᠤ | ᠭᠦᠢᠴᠡᠳ ᠨᠥᠬᠦᠴᠡᠯ ᠬᠠᠩᠭᠠᠪᠠ᠃ ᠪᠠᠶᠢᠭᠤᠯᠤᠭᠰᠠᠨ ᠤ ᠳᠠᠷᠠᠭ᠎ᠠ᠂ ᠵᠢᠯ ᠤᠨ ᠡᠳ᠋ ᠪᠠᠷᠠᠭᠠᠨ ᠤ ᠣᠷᠣᠭᠤᠯᠵᠤ | ᠭᠠᠷᠭᠠᠬᠤ ᠬᠡᠮᠵᠢᠶ᠎ᠡ 500 ᠲᠦᠮᠡᠨ ᠲᠣᠨ ᠳᠤ ᠬᠦᠷᠴᠦ᠂ ᠪᠣᠭᠤᠮᠲᠠ ᠶᠢᠨ ᠡᠳ᠋ ᠪᠠᠷᠠᠭᠠᠨ ᠤ ᠭᠦᠢᠯᠭᠡᠭᠡᠨ ᠤ | ᠳᠠᠭᠠᠭᠠᠴᠠ ᠶᠢᠨ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶ᠎ᠠ ᠳᠤ ᠬᠦᠴᠦᠷᠬᠡᠭ ᠶᠡᠭᠡ ᠡᠳ᠋ ᠪᠠᠷᠠᠭᠠᠨ ᠤ ᠭᠦᠢᠯᠭᠡᠭᠡᠨ ᠤ ᠲᠤᠯᠭᠠᠭᠤᠷᠢᠯᠠᠯ | ᠬᠠᠩᠭᠠᠬᠤ ᠪᠣᠯᠤᠨ᠎ᠠ᠃ | ᠣᠳᠣᠬᠠᠨ ᠳᠤ᠂ ᠲᠣᠰ ᠲᠥᠷᠥᠯ ᠵᠦᠢᠯ ᠢ ᠠᠵᠢᠯ ᠡᠬᠢᠯᠡᠭᠦᠯᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ | ᠠᠵᠢᠯ ᠢ ᠨᠢᠭᠡᠨᠲᠡ ᠳᠠᠭᠤᠰᠬᠠᠵᠤ᠂ 2024 ᠣᠨ ᠤ 5 ᠰᠠᠷ᠎ᠠ ᠶᠢᠨ ᠰᠡᠭᠦᠯᠴᠢ ᠪᠠᠷ ᠪᠥᠬᠦ ᠲᠠᠯ᠎ᠠ ᠪᠠᠷ ᠠᠵᠢᠯ | ᠡᠬᠢᠯᠡᠭᠦᠯᠦᠨ ᠪᠥᠲᠥᠭᠡᠨ ᠪᠠᠶᠢᠭᠤᠯᠵᠤ᠂ ᠵᠢᠱᠢᠯᠲᠡ ᠪᠠᠷ 2025 ᠣᠨ ᠤ 12 ᠰᠠᠷ᠎ᠠ ᠳᠤ ᠪᠠᠶᠢᠭᠤᠯᠵᠤ | ᠳᠠᠭᠤᠰᠬᠠᠬᠤ ᠶᠢᠨ ᠬᠠᠮᠲᠤ ᠲᠤᠷᠰᠢᠨ ᠠᠵᠢᠯᠯᠠᠭᠤᠯᠬᠤ ᠪᠠᠷ ᠪᠠᠶᠢᠨ᠎ᠠ᠃ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ | ᠲᠥᠷᠥᠯ ᠵᠦᠢᠯ ᠤᠨ ᠪᠦᠯᠬᠦᠮ ᠤᠨ ᠬᠢᠨ ᠨᠠᠷᠢᠨ ᠨᠢᠮᠪᠠᠶ ᠲᠥᠯᠥᠪᠵᠢᠭᠦᠯᠵᠦ᠂ ᠵᠢᠷᠤᠭ ᠲᠥᠯᠥᠪᠯᠡᠭᠡ ᠶᠢᠨ | ᠲᠥᠰᠦᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠪᠡ᠃ ᠪᠠᠶᠢᠭᠤᠯᠤᠭᠰᠠᠨ ᠤ ᠳᠠᠷᠠᠭ᠎ᠠ᠂ ᠠᠭᠤᠯᠭ᠎ᠠ ᠪᠠᠷ ᠪᠠᠶᠠᠯᠢᠭ | ᠪᠥᠭᠡᠳ ᠲᠡᠷᠢᠭᠦᠨ ᠤ ᠬᠢ᠄ 2 ᠰᠠᠭᠤᠷᠢ 1.4 ᠲᠦᠮᠡᠨ ᠲᠡᠭᠰᠢ ᠳᠥᠷᠪᠡᠯᠵᠢᠨ ᠮᠧᠲᠷ ᠤᠨ ᠪᠦᠷᠢᠨ ᠪᠢᠲᠡᠭᠦᠮᠵᠢᠯᠡᠭᠰᠡᠨ | ᠮᠠᠶ᠋ᠢᠭ ᠤᠨ ᠬᠥᠮᠥᠷᠭᠡᠯᠡᠨ ᠬᠠᠳᠠᠭᠠᠯᠠᠬᠤ ᠬᠥᠮᠥᠷᠭᠡ ᠶᠢ ᠪᠠᠭᠲᠠᠭᠠᠵᠤ᠂ ᠪᠠᠶᠢᠭᠠᠯᠢ ᠶᠢᠨ ᠣᠷᠴᠢᠨ ᠲᠣᠭᠤᠷᠢᠨ ᠤ ᠡᠳ᠋ | ᠪᠠᠷᠠᠭ᠎ᠠ ᠶᠢᠨ ᠢᠳᠡᠭᠳᠡᠯ ᠢ ᠪᠦᠲᠦᠮᠵᠢᠲᠡᠶ ᠬᠤᠷᠢᠭᠯᠠᠵᠤ᠂ ᠡᠳ᠋ ᠪᠠᠷᠠᠭ᠎ᠠ ᠶᠢᠨ ᠬᠠᠳᠠᠭᠠᠯᠠᠯᠲᠠ ᠶᠢᠨ ᠠᠮᠤᠷ ᠲᠦᠪᠰᠢᠨ ᠢ | ᠪᠠᠲᠤᠯᠠᠵᠤ ᠳᠡᠶᠢᠯᠦᠨ᠎ᠡ︔ 5 ᠲᠦᠮᠡᠨ ᠲᠡᠭᠰᠢ ᠳᠥᠷᠪᠡᠯᠵᠢᠨ ᠮᠧᠲᠷ ᠤᠨ ᠴᠢᠩᠭᠡᠯᠢᠭ ᠢ ᠳᠠᠮᠵᠢᠭᠤᠯᠬᠤ ᠪᠠ ᠥᠨᠳᠥᠷ | ᠪᠦᠲᠦᠮᠵᠢᠲᠡᠶ ᠲᠥᠪᠯᠡᠷᠡᠭᠦᠯᠵᠦ ᠲᠠᠷᠬᠠᠭᠠᠬᠤ ᠳᠤ ᠨᠥᠬᠦᠴᠡᠯ ᠪᠦᠷᠢᠯᠳᠦᠭᠦᠯᠵᠦ᠂ ᠡᠳ᠋ ᠪᠠᠷᠠᠭ᠎ᠠ ᠶᠢᠨ ᠡᠷᠭᠢᠯᠲᠡ ᠶᠢᠨ | ᠬᠤᠷᠳᠤᠴᠠ ᠶᠢ ᠶᠡᠭᠡ ᠪᠠᠷ ᠳᠡᠭᠡᠭᠰᠢᠯᠡᠭᠦᠯᠦᠨ᠎ᠡ︔ ᠪᠠᠰᠠ ᠠᠰᠠᠷ᠂ ᠪᠠᠶᠢᠴᠠᠭᠠᠨ ᠰᠢᠯᠭᠠᠬᠤ ᠳᠤ ᠬᠡᠷᠡᠭᠯᠡᠬᠦ ᠭᠡᠷ ᠵᠡᠷᠭᠡ | ᠢᠵᠢ ᠪᠦᠷᠢᠳᠦᠭᠰᠡᠨ ᠳᠠᠭᠠᠯᠲᠠ ᠲᠥᠬᠦᠭᠡᠷᠦᠮᠵᠢ ᠶᠢ ᠲᠣᠬᠢᠷᠠᠭᠤᠯᠵᠤ᠂ ᠪᠠᠷᠠᠭ᠎ᠠ ᠶᠢᠨ ᠭᠦᠢᠯᠭᠡᠭᠡᠨ ᠤ ᠠᠵᠢᠯ ᠤᠨ | ᠶᠠᠪᠤᠴᠠ ᠶᠢᠨ ᠡᠮᠬᠢ ᠵᠢᠷᠤᠮ ᠲᠠᠢ ᠬᠠᠮᠢᠶᠠᠷᠤᠯᠲᠠ ᠪᠠ ᠪᠣᠭᠤᠮᠲᠠ ᠶᠢᠨ ᠪᠠᠶᠢᠴᠠᠭᠠᠨ ᠰᠢᠯᠭᠠᠯᠲᠠ ᠵᠡᠷᠭᠡ | ᠭᠤᠭᠴᠤᠭ᠎ᠠ ᠳᠤ ᠪᠠᠲᠤ ᠪᠠᠬᠢ ᠬᠠᠲᠠᠭᠤ ᠲᠤᠨᠤᠭ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠣᠭᠤᠷᠢᠭ ᠤᠨ ᠳᠣᠲᠣᠷᠠᠬᠢ ᠨᠡᠭᠦᠷᠡᠰᠦ᠂ ᠠᠭᠤᠷᠬᠠᠶ ᠶᠢᠨ | ᠭᠠᠷᠤᠯᠲᠠ ᠶᠢᠨ ᠪᠦᠲᠦᠭᠡᠭᠳᠡᠬᠦᠨ ᠵᠡᠷᠭᠡ ᠶᠢᠨ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ | ᠴᠢᠩᠭᠠᠷᠠᠭᠤᠯᠵᠤ᠂ ᠬᠥᠮᠥᠷᠭᠡᠯᠡᠨ ᠬᠠᠳᠠᠭᠠᠯᠠᠬᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠳᠠᠮᠵᠢᠭᠤᠯᠬᠤ ᠶᠢ ᠨᠢᠭᠡ ᠴᠣᠠᠠᠴᠠᠵᠢᠭᠤᠯᠥᠠᠠᠰᠠᠨ ᠶᠡᠷᠦᠩᠬᠡᠶᠢᠯᠡᠭᠰᠡᠨ | ᠪᠠᠷᠠᠭᠠᠨ ᠤ ᠭᠦᠢᠯᠭᠡᠭᠡᠨ ᠤ ᠲᠤᠭᠲᠠᠯᠴᠠᠭ᠎ᠠ ᠶᠢ ᠪᠠᠶᠢᠭᠤᠯᠵᠤ᠂ ᠡᠷᠬᠢᠨ ᠲᠣᠭᠤᠷᠢᠨ ᠤ ᠠᠵᠤ ᠠᠬᠤᠶᠢᠯᠠᠯ ᠤᠨ ᠣᠯᠠᠨ | ᠡᠰᠢᠵᠢᠭᠰᠡᠨ ᠪᠠᠷᠠᠭᠠᠨ ᠤ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠨ᠎ᠠ᠃ ᠲᠤᠬᠠᠶ ᠶᠢᠨ | ᠦᠶ᠎ᠡ ᠳᠤ᠂ ᠠᠳᠡᠬᠢ ᠶᠢ ᠨᠡᠭᠦᠷᠡᠰᠦ᠂ ᠲᠡᠮᠦᠷ ᠤᠨ ᠬᠦᠳᠡᠷ ᠵᠡᠷᠭᠡ ᠠᠭᠤᠷᠬᠠᠢ ᠶᠢᠨ ᠭᠠᠷᠤᠯᠲᠠ ᠶᠢᠨ ᠪᠠᠶᠢᠯᠳᠤᠬᠤ | ᠪᠤᠳᠤᠯᠭ᠎ᠠ ᠶᠢᠨ ᠨᠥᠭᠡᠴᠡ ᠪᠣᠯᠤᠨ ᠳᠠᠮᠵᠢᠭᠤᠯᠬᠤ ᠬᠦᠢᠰᠦ ᠪᠣᠯᠭᠠᠨ ᠪᠦᠲᠦᠭᠡᠨ ᠪᠠᠶᠢᠭᠤᠯᠵᠤ᠂ ᠵᠡᠭᠦᠨ ᠦᠵᠦᠮᠦᠴᠢᠨ | ᠬᠤᠰᠢᠭᠤ ᠪᠣᠯᠤᠨ ᠵᠡᠭᠦᠨ ᠬᠠᠲᠠᠪᠴᠢ ᠪᠣᠭᠤᠮᠲᠠ ᠶᠢᠨ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠦᠷᠳᠡᠭ ᠢ | ᠶᠡᠭᠡ ᠪᠠᠷ ᠳᠡᠭᠡᠭᠰᠢᠯᠡᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠠᠬᠢ ᠬᠦᠢᠰᠦ ᠶᠢᠨ ᠪᠠᠶᠢᠷᠢ | ᠰᠠᠭᠤᠷᠢ ᠶᠢ ᠨᠡᠩ ᠲᠤᠪᠤᠶᠢᠮ᠎ᠠ ᠪᠣᠯᠭᠠᠨ᠎ᠠ᠃ | ᠢᠷᠡᠭᠡᠳᠦᠶ ᠳᠤ᠂ ᠵᠡᠭᠦᠨ ᠦᠵᠦᠮᠦᠴᠢᠨ ᠬᠤᠰᠢᠭᠤᠨ ᠤ ᠪᠥᠸᠧ ᠶᠤᠸᠠᠨ ᠪᠣᠭᠤᠮᠲᠠ ᠶᠢᠨ ᠣᠶᠤᠨᠴᠢ | ᠪᠠᠷᠠᠭᠠᠨ ᠤ ᠭᠦᠢᠯᠭᠡᠭᠡᠨ ᠤ ᠳᠤᠤᠷ᠎ᠠ ᠨᠡᠭᠦᠷᠡᠰᠦᠲᠥ᠋ᠷᠥᠭᠴᠢᠲᠦ ᠬᠠᠭᠤᠷᠠᠶ ᠶᠢᠨ ᠭᠠᠷᠠᠮ ᠤᠨ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠡᠭᠦᠨ ᠬᠠᠲᠠᠪᠴᠢ ᠪᠣᠭᠤᠮᠲᠠ ᠶᠢ ᠪᠠᠷᠠᠭᠠᠨ ᠤ ᠭᠦᠢᠯᠭᠡᠭᠡᠨ ᠤ | ᠬᠦᠷᠢᠶᠡᠨ ᠳᠠᠬᠢ ᠬᠡᠪ ᠳᠠᠭᠤᠷᠢᠶᠠᠯ ᠪᠣᠯᠭᠠᠬᠤ ᠪᠠᠷ ᠪᠠᠷᠠᠬᠤ ᠥᠬᠡᠶ᠂ ᠪᠠᠰᠠ ᠠᠵᠤ ᠦᠢᠯᠡᠰ ᠤᠨ ᠴᠤᠭᠯᠠᠷᠠᠯ ᠤᠨ | ᠦᠢᠯᠡᠳᠦᠯᠭᠡ ᠪᠠᠷ ᠳᠠᠮᠵᠢᠭᠤᠯᠤᠨ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ | ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠨᠡᠮᠡᠷᠢᠯᠡᠵᠦ᠂ ᠭᠠᠵᠠᠷ ᠣᠷᠣᠨ ᠤ ᠬᠥᠭᠵᠢᠯ ᠴᠡᠴᠡᠭᠯᠡᠯ ᠳᠤ ᠨᠠᠩ | ᠰᠠᠶᠢᠨ ᠬᠦᠴᠦᠨ ᠨᠡᠮᠡᠷᠢᠯᠡᠨ᠎ᠡ᠃ |