ᠵᠡᠭᠦᠨ ᠦᠵᠦᠮᠦᠴᠢᠨ ᠬᠤᠰᠢᠭᠤᠨ ᠤ ᠬᠦᠷᠢᠶᠡᠲᠦᠨᠠᠭᠤᠷ ᠰᠤᠮᠤ 4 ᠰᠠᠷ᠎ᠠ ᠶᠢᠨ 8 ᠤ ᠡᠳᠦᠷ ᠠᠴᠠ 9 ᠤ | ᠡᠳᠦᠷ ᠪᠣᠯᠲᠠᠯ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠨᠠᠮ ᠤᠨ ᠬᠤᠷᠢᠶᠠᠨ ᠤ ᠣᠨᠣᠯ ᠤᠨ | ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠭᠡᠰᠢᠭᠦᠳ ᠣᠷᠣᠯᠴᠠᠵᠤ᠂ ᠬᠤᠷᠠᠯ ᠢ ᠨᠠᠮ ᠤᠨ ᠬᠤᠷᠢᠶᠠᠨ ᠤ ᠱᠦᠵᠢ | ᠬᠥᠬᠦᠭᠡ ᠠᠴᠠ ᠡᠷᠭᠢᠯᠡᠪᠡ᠃ | ᠨᠣᠮ ᠤᠩᠰᠢᠬᠤ ᠠᠩᠭᠢ ᠳᠤ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠥᠨ ᠥᠪᠡᠷ ᠢᠶᠠᠨ ᠰᠤᠷᠤᠯᠴᠠᠬᠤ | ᠪᠠ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠶᠢ ᠠᠪᠴᠤ᠂ ︽ᠰᠢ ᠶᠢᠨ ᠫᠢᠩ ᠤᠨ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠵᠡᠷᠭᠡ | ᠬᠤᠯᠪᠣᠭᠳᠠᠯ ᠪᠦᠬᠦᠢ ᠠᠭᠤᠯᠭ᠎ᠠ ᠶᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠵᠣᠬᠢᠶᠠᠯ ᠤᠨ ᠦᠨᠳᠦᠰᠦᠯᠡᠯ ᠪᠠ | ᠭᠤᠣᠯ ᠰᠠᠨᠠᠭ᠎ᠠ ᠶᠢ ᠣᠨᠣᠪᠴᠢᠲᠠᠶ ᠡᠵᠡᠮᠰᠢᠵᠦ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠭᠦᠨᠵᠡᠭᠡᠢ ᠰᠣᠯᠢᠯᠴᠠᠨ ᠶᠠᠷᠢᠯᠴᠠᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ | ᠪᠣᠳᠠᠲᠠᠶᠢᠵᠢᠬᠤ ᠶᠢ ᠲᠦᠯᠬᠢᠨ ᠠᠬᠢᠭᠤᠯᠪᠠ᠃ | ᠬᠤᠷᠠᠯ ᠠᠴᠠ᠂ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠭ ᠦᠨᠳᠦᠰᠦ ᠶᠢ ᠨᠢ ᠡᠷᠢᠵᠦ | ᠰᠤᠷᠤᠯᠴᠠᠬᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ | ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠶᠢ ᠠᠬᠢᠭᠤᠯᠵᠤ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠡᠷᠡᠰ ᠪᠠᠲᠤ ᠢᠲᠡᠭᠡᠯ ᠪᠢᠰᠢᠷᠡᠯ ᠪᠣᠯᠣᠨ ᠠᠵᠢᠯ ᠢᠶᠠᠨ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠤᠳᠠᠭᠠᠨ ᠤ ᠨᠣᠮ ᠤᠩᠰᠢᠬᠤ ᠠᠩᠭᠢ ᠪᠠᠷ ᠠᠵᠠ ᠲᠣᠬᠢᠶᠠᠯ ᠪᠣᠯᠭᠠᠵᠤ᠂ | ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ᠂ ᠲᠦᠷᠦᠭᠦᠯᠡᠨ ᠵᠢᠱᠢᠶ᠎ᠡ ᠦᠵᠡᠭᠦᠯᠬᠦ ᠶᠢ ᠪᠠᠷᠢᠮᠲᠠᠯᠠᠨ᠂ | ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠵᠤ᠂ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ | ᠵᠣᠷᠢᠭ ᠰᠠᠨᠠᠭ᠎ᠠ ᠶᠢ ᠰᠤᠮᠤᠨ ᠳᠤ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠦᠨᠵᠡᠭᠡᠢ ᠪᠥᠭᠡᠳ ᠪᠣᠳᠠᠲᠠᠢ ᠪᠠᠷ ᠶᠠᠪᠤᠬᠤ ᠳᠡᠭᠡᠷ᠎ᠡ | ᠭᠦᠢᠴᠡᠳ ᠬᠦᠴᠦ ᠣᠷᠣᠭᠤᠯᠵᠤ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠵᠦ᠂ | ᠭᠦᠨᠵᠡᠭᠡᠢ ᠵᠠᠳᠠᠯᠤᠨ ᠰᠢᠨᠵᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠂ ᠦᠨᠳᠦᠰᠦᠨ ᠱᠠᠲᠤ | ᠵᠢᠴᠢ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠣᠯᠠᠨ ᠲᠦᠮᠡᠨ ᠤ ᠬᠦᠴᠢᠷᠳᠡᠯᠲᠡᠢ ᠠᠰᠠᠭᠤᠳᠠᠯ ᠢ | ᠬᠠᠨᠳᠤᠯᠭ᠎ᠠ ᠲᠠᠢ ᠪᠠᠷ ᠰᠢᠢᠳᠪᠦᠷᠢᠯᠡᠵᠦ᠂ ᠣᠯᠠᠨ ᠲᠦᠮᠡᠨ ᠳᠤ ᠰᠤᠷᠤᠯᠴᠠᠯᠭ᠎ᠠ ᠬᠥᠮᠦᠵᠢᠯ ᠬᠦᠷᠲᠡᠭᠡᠵᠦ᠂ ᠰᠤᠷᠲᠠᠯ ᠤᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠣᠮᠣᠨ ᠤ ᠬᠥᠭᠵᠢᠯᠲᠡ ᠶᠢ ᠲᠦᠯᠬᠢᠨ ᠠᠬᠢᠭᠤᠯᠬᠤ ᠪᠣᠳᠠᠲᠤ | ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ |