ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠱᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠯ᠎ᠡ | ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠪᠦᠬᠦ | ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ | ᠪᠠᠲᠤᠯᠠᠵᠤ᠂ ᠣᠶᠢᠷ᠎ᠠ ᠶᠢᠨ ᠡᠳᠦᠷ᠂ ᠲᠠᠭᠤᠲᠤᠨᠠᠭᠤᠷ ᠪᠠᠯᠭᠠᠰᠤ ᠨᠢ ᠭᠠᠴᠠᠭᠠᠨ ᠤ ︽ᠬᠤᠶᠠᠷ ᠵᠥᠪᠯᠡᠯ︾ ᠤᠨ | ᠬᠡᠰᠢᠬᠦᠨ᠂ ᠡᠯ᠎ᠡ ᠭᠠᠴᠠᠭ᠎ᠠ ᠲᠠᠭᠠᠭᠠᠴᠢᠯᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ᠮᠠᠯᠵᠢᠬᠤ ᠣᠷᠣᠨ ᠤ | ᠠᠶᠤᠯᠭᠦᠢ ᠦᠢᠯᠡᠳᠪᠦᠷᠢᠯᠡᠯ ᠤᠨ ︽ᠶᠡᠭᠡ ᠤᠬᠠᠭᠤᠯᠭ᠎ᠠ᠂ ᠶᠡᠭᠡ ᠰᠣᠷᠪᠤᠯᠵᠢᠯᠠᠭ᠎ᠠ᠂ ᠶᠡᠭᠡ ᠦᠢᠯᠡᠴᠢᠯᠡᠭᠡ︾ ᠶᠢᠨ | ᠠᠵᠢᠯᠯᠠᠭ᠎ᠠ ᠶᠢ ᠦᠷᠨᠢᠬᠦᠯᠪᠡ᠃ | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ | ᠲᠡᠭᠡᠭᠰᠢᠯᠡᠭᠦᠯᠪᠡ | ᠠᠶᠤᠯᠭᠦᠢ ᠦᠢᠯᠡᠳᠪᠦᠷᠢᠯᠡᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠥᠭᠦᠯᠡᠯᠲᠡ ᠵᠢᠴᠢ ᠠᠶᠤᠯᠭᠦᠢ ᠦᠢᠯᠡᠳᠪᠦᠷᠢᠯᠡᠯ᠂ ᠮᠠᠯᠵᠢᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ᠂ | ᠭᠠᠯ ᠢ ᠰᠡᠷᠭᠡᠶᠢᠯᠡᠬᠦ᠂ ᠭᠠᠯ ᠤᠨᠲᠠᠷᠠᠭᠠᠬᠤ᠂ ᠰᠢᠲᠠᠮᠠᠬᠠᠢ ᠬᠡᠢ ᠨᠡᠭᠦᠷᠡᠰᠦᠨ ᠬᠡᠢ ᠶᠢᠨ ᠬᠡᠷᠡᠭᠯᠡᠯᠲᠡ᠂ ᠲᠠᠷᠢᠶᠠᠯᠠᠩ ᠤᠨ | ᠮᠠᠰᠢᠨ ᠤ ᠠᠮᠤᠷ ᠲᠦᠪᠰᠢᠨ᠂ ᠲᠡᠮᠦᠷ ᠵᠠᠮ ᠤᠨ ᠬᠠᠮᠠᠭᠠᠯᠠᠯᠲᠠ ᠶᠢᠨ ᠠᠮᠤᠷ ᠲᠦᠪᠰᠢᠨ᠂ ᠴᠠᠬᠢᠯᠭᠠᠨ ᠢ ᠠᠶᠤᠯᠭᠦᠢ ᠪᠠᠷ | ᠬᠡᠷᠡᠭᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠡᠷᠦᠭᠡ ᠳᠠᠷᠠᠭᠠᠯᠠᠨ ᠤᠬᠠᠭᠤᠯᠪᠠ᠃ ᠪᠥᠬᠦ | ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠪᠠᠯᠭᠠᠰᠤᠨ ᠤ ᠮᠠᠯᠴᠢᠨ ᠲᠦᠮᠡᠨ ᠤ ᠠᠮᠤᠷ | ᠲᠦᠪᠰᠢᠨ ᠤ ᠤᠬᠠᠮᠰᠠᠷ ᠪᠣᠯᠣᠨ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃ | ᠲᠣᠭᠤᠷᠢᠨ ᠪᠠᠶᠢᠴᠠᠭᠠᠯᠳᠠ ᠶᠢ ᠴᠢᠩᠭᠠᠳᠬᠠᠵᠤ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠪᠠ | ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠨᠡᠨᠬᠦ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠶᠤᠯ ᠦᠭᠡᠢ ᠶᠢᠨ | ᠲᠣᠣᠷ ᠢ ᠪᠠᠲᠤ ᠪᠠᠬᠢ ᠪᠠᠶᠢᠭᠤᠯᠪᠠ᠃ ᠨᠢᠭᠡ ᠲᠠᠯ᠎ᠠ ᠪᠠᠷ ᠲᠣᠭᠤᠷᠢᠨ ᠪᠠᠶᠢᠴᠠᠭᠠᠬᠤ ᠳᠠᠪᠲᠠᠮᠵᠢ ᠪᠠᠨ ᠨᠡᠮᠡᠭᠳᠡᠭᠦᠯᠵᠦ᠂ | ᠲᠣᠭᠤᠷᠢᠨ ᠪᠠᠶᠢᠴᠠᠭᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠨᠤᠲᠤᠭ ᠪᠡᠯᠴᠢᠭᠡᠷ ᠤᠨ ᠣᠷᠣᠨ ᠪᠦᠰᠡ ᠶᠢ ᠴᠠᠭ | ᠲᠤᠬᠠᠢ ᠳᠤᠨᠢ ᠬᠢᠨᠠᠨ ᠡᠵᠡᠮᠳᠡᠬᠦ ᠶᠢ ᠦᠨᠡᠨᠬᠦ ᠪᠠᠲᠤᠯᠠᠵᠤ᠂ ᠢᠯᠠᠩᠭᠤᠶ᠎ᠠ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠴᠠᠭ ᠬᠤᠭᠤᠴᠠᠭ᠎ᠠ ᠳᠤ ᠴᠢᠭᠯᠡᠭᠦᠯᠦᠨ ᠭᠤᠣᠯᠳᠠᠯᠭ᠎ᠠ ᠲᠠᠢ ᠬᠢᠨᠠᠨ ᠡᠵᠡᠮᠳᠡᠵᠦ᠂ ᠭᠠᠯ ᠰᠡᠷᠭᠡᠶᠢᠯᠡᠬᠦ | ᠪᠡᠯᠡᠳᠬᠡᠮᠵᠢ ᠲᠥᠬᠦᠭᠡᠷᠦᠮᠵᠢ ᠪᠦᠷᠢᠨ ᠪᠦᠲᠦᠨ ᠪᠠᠶᠢᠬᠤ ᠡᠰᠡᠬᠦ᠂ ᠭᠠᠯ ᠤᠨᠲᠠᠷᠠᠭᠠᠭᠤᠷ ᠢ ᠬᠡᠪ ᠢᠶᠠᠷ ᠬᠡᠷᠡᠭᠯᠡᠵᠦ | ᠳᠡᠶᠢᠯᠬᠦ ᠡᠰᠡᠬᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠡᠰᠡᠬᠦ᠂ ᠲᠠᠮᠠᠬᠢᠨ ᠶᠤᠵᠤᠭᠠᠷ ᠢ ᠳᠤᠷ᠎ᠠ ᠪᠠᠷ ᠢᠶᠠᠨ ᠬᠠᠶᠠᠭᠰᠠᠨ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ | ᠵᠡᠷᠭᠡ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠳᠤ ᠲᠤᠰᠬᠠᠢ ᠵᠦᠢᠯ ᠤᠨ ᠪᠠᠶᠢᠴᠠᠭᠠᠯᠲᠠ ᠬᠢᠪᠡ︔ ᠨᠥᠭᠦᠭᠡ | ᠲᠠᠯ᠎ᠠ ᠪᠠᠷ ᠭᠠᠯ ᠰᠡᠷᠭᠡᠶᠢᠯᠡᠯᠲᠡ ᠶᠢᠨ ᠵᠢᠵᠢᠭᠦᠷᠯᠡᠨ ᠪᠠᠶᠢᠴᠠᠭᠠᠬᠤ ᠥᠷᠲᠡᠭᠡ ᠪᠠᠶᠢᠭᠤᠯᠵᠤ᠂ ᠤᠳᠤᠷᠢᠳᠤᠯᠭ᠎ᠠ ᠵᠢᠵᠢᠬᠦᠷ | ᠳᠠᠭᠠᠭᠤᠯᠬᠤ ᠪᠠ ᠺᠠᠳ᠋ᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠨᠠᠭᠠᠰᠢ ᠴᠠᠭᠠᠰᠢ ᠶᠠᠪᠤᠬᠤ ᠲᠡᠷᠭᠡᠨ ᠳᠤ | ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠪᠠ ᠮᠡᠳᠡᠭᠡ ᠵᠠᠩᠭᠢ ᠶᠢᠨ ᠳᠠᠩᠰᠠᠯᠠᠯᠲᠠ ᠬᠢᠵᠦ᠂ ᠭᠠᠯ ᠤᠨ ᠪᠠᠶᠢᠳᠠᠯ ᠢ | ᠡᠷᠲᠡ ᠢᠯᠡᠷᠡᠭᠦᠯᠵᠦ᠂ ᠡᠷᠲᠡ ᠤᠷᠢᠳᠴᠢᠯᠠᠨ ᠰᠡᠷᠡᠮᠵᠢᠯᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ | | ᠠᠮᠤᠷ ᠲᠦᠪᠰᠢᠨ ᠤ ᠬᠡᠢ ᠬᠡᠷᠡᠭᠯᠡᠯᠳᠠ ᠶᠢᠨ ᠪᠠᠶᠢᠴᠠᠭᠠᠯᠳᠠ ᠶᠢ ᠠᠬᠢᠭᠤᠯᠵᠤ᠂ ᠰᠢᠲᠠᠮᠠᠬᠠᠢ ᠬᠡᠢ ᠶᠢᠨ ᠠᠮᠤᠷ | ᠲᠦᠪᠰᠢᠨ ᠤ ᠬᠡᠷᠡᠭᠯᠡᠯᠳᠠ ᠶᠢ ᠴᠢᠩᠭᠠᠳᠬᠠᠪᠠ | ᠬᠠᠷᠢᠶᠠᠲᠤ ᠣᠷᠣᠨ ᠤ ᠮᠠᠯᠴᠢᠨ ᠡᠷᠦᠬᠡ ᠶᠢᠨ ᠭᠡᠷ ᠲᠤ ᠭᠦᠨᠵᠡᠭᠡᠶᠢᠷᠡᠵᠦ᠂ ᠮᠠᠯᠴᠢᠨ ᠡᠷᠦᠬᠡ ᠶᠢᠨ ᠬᠡᠢ | ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠨ ᠤᠭᠰᠠᠷᠠᠯᠲᠠ ᠨᠢ | ᠵᠢᠷᠤᠮᠵᠢᠭᠤᠨ ᠪᠠᠶᠢᠬᠤ ᠡᠰᠡᠬᠦ᠂ ᠰᠢᠲᠠᠮᠠᠬᠠᠢ ᠬᠡᠢ ᠶᠢᠨ ᠵᠥᠭᠡᠯᠡᠨ ᠬᠤᠭᠤᠯᠠᠢ ᠨᠢ ᠬᠠᠭᠤᠴᠢᠷᠠᠵᠤ ᠪᠠᠶᠢᠬᠤ ᠡᠰᠡᠬᠦ ᠶᠢ | ᠨᠠᠷᠢᠨ ᠪᠠᠶᠢᠴᠠᠭᠠᠪᠠ᠃ ᠡᠭᠦᠨ ᠤ ᠬᠠᠮᠲᠤ᠂ ᠮᠠᠯᠵᠢᠬᠤ ᠡᠷᠦᠬᠡ ᠳᠤ ᠰᠢᠩᠭᠡᠨᠵᠢᠮᠡᠯ ᠬᠡᠢ ᠶᠢ ᠠᠮᠤᠷ ᠲᠦᠪᠰᠢᠨ ᠢᠶᠠᠷ | ᠬᠡᠷᠡᠭᠯᠡᠬᠦ ᠳᠤ ᠠᠩᠬᠠᠷᠬᠤ ᠵᠦᠢᠯ ᠵᠢᠴᠢ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠨᠠᠷᠢᠨ ᠲᠠᠶᠢᠯᠪᠤᠷᠢᠯᠠᠵᠤ᠂ ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ ᠶᠢ ᠠᠬᠢᠭᠤᠯᠪᠠ᠃ | ᠭᠡᠷ ᠪᠠᠶᠢᠰᠢᠩ ᠶᠢᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠤᠷᠤᠨ ᠰᠠᠭᠤᠴᠠ ᠵᠢᠨᠠᠮᠤᠷ ᠲᠦᠪᠰᠢᠨ ᠤ | ᠰᠠᠭᠤᠷᠢ ᠶᠢ ᠪᠠᠬᠢᠵᠢᠭᠦᠯᠪᠡ | ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠤᠳᠠᠭᠠᠨ ᠵᠢᠯ ᠵᠠᠰᠠᠭᠰᠠᠨ ᠦᠭᠡᠢ ᠭᠡᠷ ᠪᠠᠶᠢᠰᠢᠩ ᠤᠨ | ᠠᠮᠤᠷ ᠲᠦᠪᠰᠢᠨ ᠤ ᠪᠠᠶᠢᠳᠠᠯ᠂ ᠨᠤᠷᠠᠬᠤ ᠠᠶᠤᠯᠲᠠᠢ ᠭᠡᠷ ᠪᠠᠶᠢᠰᠢᠩ ᠳᠤ ᠬᠥᠮᠥᠨ ᠰᠠᠭᠤᠵᠤ ᠪᠠᠶᠢᠬᠤ ᠡᠰᠡᠬᠦ᠂ ᠡᠷᠬᠢᠨ | ᠲᠣᠭᠤᠷᠢᠨ ᠤ ᠬᠢᠨ ᠰᠡᠷᠡᠮᠵᠢᠯᠡᠵᠦ ᠰᠡᠷᠡᠮᠵᠢᠯᠡᠭᠦᠯᠬᠦ ᠠᠷᠭ᠎ᠠ ᠬᠡᠮᠵᠢᠶ᠎ᠡ ᠠᠪᠤᠭᠰᠠᠨ ᠡᠰᠡᠬᠦ ᠵᠡᠷᠭᠡ ᠶᠢ ᠭᠤᠣᠯᠳᠠᠯᠭ᠎ᠠ ᠲᠠᠢ | ᠪᠠᠶᠢᠴᠠᠭᠠᠨ ᠦᠵᠡᠪᠡ᠃ ᠡᠭᠦᠨ ᠤ ᠬᠠᠮᠳᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ᠂ | ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠪᠠ ᠰᠡᠷᠭᠡᠶᠢᠯᠡᠬᠦ ᠮᠡᠳᠡᠯᠭᠡ ᠶᠢ ᠢᠳᠡᠪᠬᠢᠲᠡᠢ ᠪᠠᠷ | ᠲᠦᠭᠡᠮᠡᠯᠵᠢᠭᠦᠯᠵᠦ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠠᠵᠢᠯ ᠤᠨ ᠴᠢᠬᠤᠯᠠ | ᠴᠢᠨᠠᠷ ᠢ ᠥᠷᠭᠡᠨ ᠢᠶᠠᠷ ᠤᠬᠠᠭᠤᠯᠪᠠ᠃ ᠡᠭᠦᠨ ᠠᠴᠠ ᠭᠠᠳᠠᠨ᠎ᠠ ᠪᠠᠰᠠ ᠮᠠᠯᠵᠢᠬᠤ ᠡᠷᠦᠬᠡ ᠶᠢᠨ ᠴᠠᠬᠢᠯᠭᠠᠨ ᠤᠲᠠᠰᠤ | ᠬᠠᠭᠤᠴᠢᠷᠠᠵᠤ ᠪᠠᠶᠢᠬᠤ ᠡᠰᠡᠬᠦ᠂ ᠬᠦᠴᠦᠳᠡᠯ ᠥᠭᠡᠷᠡᠴᠢᠯᠡᠭᠴᠢ ᠶᠢᠨ ᠡᠷᠬᠢᠨ ᠲᠣᠭᠤᠷᠢᠨ ᠤ ᠡᠪᠡᠰᠦ ᠶᠢ ᠴᠡᠪᠡᠷᠯᠡᠵᠦ | ᠪᠠᠶᠢᠬᠤ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ ᠤᠷᠢᠳᠴᠢᠯᠠᠨ ᠰᠡᠷᠭᠡᠶᠢᠯᠡᠬᠦ ᠶᠢ ᠰᠡᠷᠡᠮᠵᠢᠬᠦᠯᠪᠡ᠃ | ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢ ᠴᠢᠩᠭ᠎ᠠ ᠠᠳᠬᠤᠵᠤ᠂ ᠠᠮᠤᠷ ᠲᠦᠪᠰᠢᠨ ᠤ | ᠰᠡᠷᠭᠡᠶᠢᠯᠡᠯᠲᠡ ᠶᠢ ᠴᠢᠩᠭᠠᠳᠬᠠᠪᠠ | ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠳᠡᠪᠲᠡᠷ ᠢ ᠲᠠᠷᠬᠠᠭᠠᠬᠤ | ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ | ᠥᠷᠭᠡᠨ ᠢᠶᠠᠷ ᠤᠬᠠᠭᠤᠯᠬᠤ ᠶᠢᠨ ᠬᠠᠮᠲᠤ ᠲᠠᠷᠢᠶᠠᠯᠠᠩ ᠤᠨ ᠮᠠᠰᠢᠨ ᠤ ᠠᠶᠤᠯᠭᠦᠢ ᠠᠵᠢᠯᠯᠠᠬᠤ ᠳᠦᠷᠢᠮᠵᠢᠯ ᠢ | ᠲᠤᠬᠠᠢ ᠶᠢᠨ ᠭᠠᠵᠠᠷ ᠲᠤᠨᠢ ᠲᠠᠶᠢᠯᠪᠤᠷᠢᠯᠠᠵᠦ ᠦᠭᠭᠦᠪᠡ᠃ ᠡᠭᠦᠨ ᠤ ᠬᠠᠮᠳᠣ᠂ ᠬᠤᠯᠪᠣᠭᠳᠠᠯ ᠪᠦᠬᠦᠢ ᠠᠵᠢᠯᠯᠠᠬᠤ | ᠲᠠᠯᠠᠪᠤᠷ ᠵᠢᠴᠢ ᠲᠠᠷᠢᠶᠠᠯᠠᠩ ᠤᠨ ᠮᠠᠰᠢᠨ ᠪᠠᠭᠠᠵᠢ ᠨᠢ ᠠᠶᠤᠯᠭᠦᠢ ᠠᠵᠢᠯᠯᠠᠬᠤ ᠱᠠᠭᠠᠷᠳᠠᠯᠭ᠎ᠠ ᠳᠤ ᠨᠡᠶᠢᠴᠡᠬᠦ ᠡᠰᠡᠬᠦ᠂ | ᠲᠠᠷᠢᠶᠠᠯᠠᠩ ᠤᠨ ᠮᠠᠰᠢᠨ ᠲᠡᠷᠭᠡᠨ ᠳᠤ ᠭᠠᠯ ᠰᠡᠷᠭᠡᠶᠢᠯᠡᠬᠦ ᠮᠠᠯᠠᠭᠠᠢ ᠪᠠᠶᠢᠬᠤ ᠡᠰᠡᠬᠦ ᠵᠢᠴᠢ ᠮᠠᠰᠢᠨ ᠲᠥᠬᠦᠭᠡᠷᠦᠮᠵᠢ ᠶᠢᠨ | ᠠᠶᠤᠯᠭᠦᠢ ᠶᠢᠨ ᠪᠠᠶᠢᠳᠠᠯ ᠳᠤ ᠪᠠᠶᠢᠴᠠᠭᠠᠯᠳᠠ ᠬᠢᠪᠡ᠃ | ᠲᠣᠰ ᠤᠳᠠᠭᠠᠨ ᠤ ᠮᠠᠯᠵᠢᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ︽ᠶᠡᠭᠡ ᠤᠬᠠᠭᠤᠯᠭ᠎ᠠ᠂ ᠶᠡᠭᠡ | ᠰᠣᠷᠪᠤᠯᠵᠢᠯᠠᠭ᠎ᠠ᠂ ᠶᠡᠭᠡ ᠦᠢᠯᠡᠴᠢᠯᠡᠭᠡᠨ︾ ᠤ ᠠᠵᠢᠯ ᠢ ᠥᠷᠨᠢᠭᠦᠯᠬᠦ ᠪᠠᠷ ᠳᠡᠮᠵᠢᠨ᠂ ᠥᠷᠭᠡᠨ ᠣᠯᠠᠨ ᠲᠦᠮᠡᠨ ᠤ | ᠠᠶᠤᠯ ᠦᠭᠡᠢ ᠦᠢᠯᠡᠳᠪᠦᠷᠢᠯᠡᠯ ᠤᠨ ᠲᠤᠬᠠᠢ ᠲᠠᠨᠢᠯᠲᠠ ᠳᠡᠭᠡᠭᠰᠢᠯᠡᠵᠦ᠂ ᠮᠠᠯᠴᠢᠨ ᠲᠦᠮᠡᠨ ᠤ ᠠᠶᠤᠯ ᠦᠭᠡᠢ | ᠦᠢᠯᠡᠳᠪᠦᠷᠢᠯᠡᠯ ᠤᠨ ᠦᠵᠡᠯ ᠤᠬᠠᠮᠰᠠᠷ ᠪᠥᠬᠦ ᠲᠠᠯ᠎ᠠ ᠪᠠᠷ ᠴᠢᠩᠭᠠᠷᠠᠨ᠂ ᠠᠮᠤᠷ ᠲᠦᠪᠰᠢᠨ ᠤ ᠪᠠᠲᠤᠯᠠᠭ᠎ᠠ ᠶᠢᠨ | ᠠᠷᠭ᠎ᠠ ᠬᠡᠮᠵᠢᠶ᠎ᠡ ᠲᠡᠭᠦᠯᠳᠡᠷᠵᠢᠨ ᠳᠡᠭᠡᠭᠰᠢᠯᠡᠵᠦ᠂ ᠡᠯ᠎ᠡ ᠲᠥᠷᠥᠯ ᠤᠨ ᠠᠳᠡᠯ ᠭᠠᠷᠬᠤ ᠲᠦᠭᠰᠢᠭᠦᠷᠢ ᠶᠢ ᠪᠦᠲᠦᠮᠵᠢᠲᠡᠶ | ᠪᠠᠭᠠᠰᠬᠠᠪᠠ᠃ ᠳᠠᠷᠠᠭᠠᠴᠢ ᠶᠢᠨ ᠠᠯᠬᠤᠮ ᠳᠤ᠂ ᠲᠠᠭᠤᠲᠤᠨᠠᠭᠤᠷ ᠪᠠᠯᠭᠠᠰᠤ ᠨᠢ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ | ᠮᠠᠯᠵᠢᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠣᠪᠣᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ | ᠴᠡᠭᠴᠡᠯᠡᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠤᠮᠳᠠ ᠡᠯ᠎ᠡ ᠲᠦᠷᠦᠯ ᠤᠨ ᠠᠮᠤᠷ ᠲᠦᠪᠰᠢᠨ ᠤ | ᠠᠳᠡᠯ ᠭᠠᠷᠬᠤ ᠶᠢ ᠡᠷᠡᠰ ᠬᠤᠷᠢᠭᠯᠠᠬᠤ ᠪᠠ ᠰᠡᠷᠭᠡᠶᠢᠯᠡᠨ᠎ᠡ᠃ | |