ᠳᠠᠭᠤᠲᠤᠨᠠᠭᠤᠷ ᠪᠠᠯᠭᠠᠰᠤ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠂ ᠬᠠᠪᠤᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠤᠷᠤᠭᠰᠢᠲᠠᠶ ᠡᠬᠢᠯᠡᠭᠦᠯᠪᠡ 
ᠨᠡᠶᠢᠲᠡᠯᠡᠭᠰᠡᠨ ᠴᠠᠭ᠄
2025/4/25
      ᠬᠠᠪᠤᠷ ᠤᠨ ᠤᠯᠠᠷᠢᠯ ᠪᠣᠯ ᠨᠤᠲᠤᠭ ᠪᠡᠯᠴᠢᠭᠡᠷ ᠰᠡᠷᠭᠦᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠠᠶᠢᠵᠤ᠂ ᠰᠡᠯᠭᠦᠨ ᠮᠠᠯᠵᠢᠬᠤ ᠶᠢ ᠬᠡᠷᠡᠭᠵᠢᠭᠦᠯᠬᠦ ᠪᠣᠯ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠨᠤᠲᠤᠭ ᠪᠡᠯᠴᠢᠭᠡᠷ ᠤᠨ ᠪᠡᠯᠴᠢᠭᠡᠷ ᠰᠡᠷᠭᠦᠬᠦ ᠶᠢ ᠠᠬᠢᠭᠤᠯᠬᠤ᠂ ᠮᠠᠯ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ 4 ᠰᠠᠷ᠎ᠠ ᠶᠢᠨ 5 ᠤ ᠡᠳᠦᠷ ᠬᠠᠪᠤᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠬᠥᠰᠢᠭᠡ ᠶᠢ ᠵᠢᠩᠬᠢᠨᠢ ᠪᠠᠷ ᠡᠬᠢᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠤᠷᠢᠶᠠᠯᠠᠨ ᠳᠠᠭᠠᠬᠤ ᠶᠢᠨ ᠲᠥᠯᠥᠭᠡ᠂ ᠳᠠᠭᠤᠲᠤᠨᠠᠭᠤᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠦᠳᠲᠡᠷ ᠲᠦᠷᠭᠡᠨ  ᠬᠦᠳᠦᠯᠦᠯᠴᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠠᠵᠢᠯ ᠢᠶᠠᠨ ᠪᠥᠬᠦ ᠲᠠᠯ᠎ᠠ ᠪᠠᠷ ᠡᠬᠢᠯᠡᠭᠦᠯᠵᠦ᠂ ᠪᠡᠯᠴᠢᠭᠡᠷ ᠰᠡᠷᠭᠦᠭᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠨᠢᠭᠡ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠤᠳᠠᠶᠢᠵᠢᠭᠤᠯᠪᠠ᠃      ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠳᠠᠭᠤᠲᠤᠨᠠᠭᠤᠷ ᠪᠠᠯᠭᠠᠰᠤ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ  ᠪᠠᠶᠢᠷᠢᠯᠠᠭᠤᠯᠤᠯᠳᠠ ᠶᠢᠨ ᠬᠤᠷᠠᠯ  ᠬᠤᠷᠠᠯᠳᠤᠵᠦ᠂ ᠮᠠᠨ ᠤ ᠪᠠᠯᠭᠠᠰᠤᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ︽ᠳᠠᠭᠤᠲᠤᠨᠠᠭᠤᠷ ᠪᠠᠯᠭᠠᠰᠤᠨ ᠤ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠶᠡᠷᠦᠩᠬᠡᠶ ᠠᠵᠢᠯ ᠤᠨ ᠬᠠᠷᠠᠯᠲᠠ ᠲᠣᠭᠲᠠᠭᠠᠨ᠂ ᠬᠡᠷᠡᠭᠵᠢᠭᠦᠯᠬᠦ ᠠᠯᠬᠤᠮ ᠳᠠᠷᠠᠭ᠎ᠠ ᠪᠠ ᠭᠤᠤᠯ ᠡᠭᠦᠷᠭᠡ ᠶᠢ ᠲᠣᠳᠣᠷᠬᠠᠶᠢᠯᠠᠪᠠ᠃ ︽ᠪᠠᠯᠭᠠᠰᠤ— ᠭᠠᠴᠠᠭ᠎ᠠ —ᠲᠤᠤᠷᠴᠢᠯᠠᠯ︾ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂        ︽ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠨᠢᠭᠡᠳᠦᠯᠲᠡᠶ ᠲᠥᠯᠥᠪᠯᠡᠨ ᠠᠳᠬᠤᠬᠤ᠂ ᠭᠠᠴᠠᠭᠠᠨ ᠤ  ᠳᠠᠭᠠᠭᠠᠴᠢᠯᠠᠭᠰᠠᠨ ᠺᠠᠳ᠋ᠷ ᠪᠣᠳᠠᠲᠠᠶ ᠠᠳᠬᠤᠬᠤ︾ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ  ᠪᠠᠳᠤᠯᠠᠪᠠ᠃      ᠬᠤᠶᠠᠷ᠂ ᠤᠬᠠᠭᠤᠯᠭ᠎ᠠ ᠪᠠ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠤᠯᠠᠨ ᠲᠦᠮᠡᠨ ᠤ ᠬᠠᠮᠲᠤ ᠶᠢᠨ ᠲᠠᠨᠢᠯᠲᠠ ᠶᠢ  ᠨᠢᠭᠳᠠᠷᠠᠭᠤᠯᠪᠠ᠃      ︽ᠰᠦᠯᠵᠢᠶᠡᠨ ᠳᠡᠭᠡᠷ᠎ᠡ ᠪᠠ  ᠪᠤᠳᠡᠲᠠᠢ︾ ᠬᠤᠯᠪᠣᠭᠠᠯᠠᠨ ᠤᠬᠠᠭᠤᠯᠬᠤ ᠪᠠᠷ ᠳᠠᠮᠵᠢᠭᠤᠯᠤᠨ᠂ ᠸᠢᠴᠠᠲ  ᠬᠤᠯᠪᠤᠭ᠎ᠠ ᠢ ᠠᠰᠢᠭᠯᠠᠨ᠂ ᠡᠷᠦᠬᠡ ᠳᠤ ᠬᠦᠷᠴᠦ ᠪᠡᠯᠴᠢᠭᠡᠷᠯᠡᠭᠦᠯᠬᠦ ᠶᠢ ᠵᠣᠭᠰᠤᠭᠠᠬᠤ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ  ᠤᠨ ᠲᠡᠩᠴᠡᠭᠦᠷᠢ  ᠶᠢ ᠪᠠᠲᠤᠯᠠᠬᠤ ᠪᠠ ᠪᠡᠯᠴᠢᠭᠡᠷ ᠰᠡᠷᠭᠦᠭᠡᠬᠦ ᠳᠦᠷᠢᠮ︾ ᠢ ᠨᠠᠷᠢᠨ ᠲᠠᠶᠢᠯᠪᠤᠷᠢᠯᠠᠵᠤ᠂ ᠪᠡᠯᠴᠢᠭᠡᠷ ᠰᠡᠷᠭᠦᠭᠡᠬᠦ ᠶᠢᠨ ᠠᠴᠢ ᠬᠤᠯᠪᠣᠭᠳᠠᠯ ᠢ ᠲᠠᠶᠢᠯᠪᠤᠷᠢᠯᠠᠵᠤ᠂ ᠮᠠᠯᠴᠢᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ︽ᠠᠮᠢ ᠠᠬᠤᠢ ᠶᠢᠨ ᠳᠠᠩᠰᠠ᠂ ᠠᠯᠤᠰ ᠬᠡᠲᠦ ᠶᠢᠨ          ᠳᠠᠩᠰᠠ︾ ᠶᠢ ᠲᠣᠳᠣᠷᠬᠠᠢ ᠪᠤᠳᠤᠵᠤ᠂ ᠪᠡᠯᠴᠢᠭᠡᠷ ᠰᠡᠷᠭᠦᠭᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠪᠡᠯᠴᠢᠭᠡᠷ ᠰᠡᠷᠭᠦᠭᠡᠬᠦ ᠠᠵᠢᠯ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠡᠮᠬᠢ ᠵᠢᠷᠤᠮ ᠲᠠᠢ ᠥᠷᠨᠢᠭᠦᠯᠪᠡ᠃      ᠭᠤᠷᠪᠠ᠂ ᠲᠣᠭᠤᠷᠢᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠬᠢᠨᠠᠯᠲᠠ  ᠬᠠᠮᠢᠶᠠᠷᠤᠯᠳᠠ ᠪᠠᠨ ᠴᠢᠩᠭᠠᠬᠳᠬᠠᠪᠠ᠃      ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠ ᠭᠠᠴᠠᠭᠠᠨ ᠤ ︽ᠬᠤᠶᠠᠷ ᠵᠥᠪᠯᠡᠯ︾᠂ ᠨᠤᠲᠤᠭ ᠪᠡᠯᠴᠢᠭᠡᠷ ᠤᠨ ᠲᠤᠰᠬᠠᠶ ᠲᠤᠰᠢᠶᠠᠯᠲᠤ  ᠬᠠᠮᠠᠭᠠᠯᠠᠭᠴᠢ᠂ ᠨᠤᠲᠤᠭ ᠪᠡᠯᠴᠢᠭᠡᠷ ᠤᠨ  ᠲᠤᠤᠷᠴᠢᠯᠠᠭᠰᠠᠨ ᠠᠵᠢᠯᠲᠡᠳ ᠤᠨ  ᠦᠢᠯᠡᠳᠦᠯ ᠢ  ᠭᠦᠢᠴᠡᠳ  ᠪᠠᠳᠠᠷᠠᠭᠤᠯᠵᠤ᠂ ︽ᠡᠳᠦᠷ ᠰᠥᠨᠢ ᠡᠭᠡᠯᠵᠢᠯᠡᠨ ᠪᠠᠶᠢᠴᠠᠭᠠᠬᠤ︾ ᠠᠷᠭ᠎ᠠ ᠮᠠᠶ᠋ᠢᠭ ᠢ ᠠᠪᠴᠤ᠂ ᠮᠠᠯᠵᠢᠬᠤ ᠡᠷᠦᠬᠡ ᠶᠢᠨ ᠪᠡᠯᠴᠢᠭᠡᠷ ᠰᠡᠷᠭᠦᠭᠡᠬᠦ ᠭᠦᠳᠡᠯᠭᠡᠭᠡᠨ  ᠤ  ᠲᠠᠯᠠᠪᠠᠢ ᠪᠠ  ᠰᠠᠭᠠᠬᠤ ᠲᠠᠭᠤᠬᠤ ᠲᠠᠯᠠᠪᠤᠷ ᠪᠠᠶᠢᠭᠤᠯᠬᠤ᠂  ᠫᠠᠶᠢᠰᠠ  ᠢᠯᠡᠷᠬᠡᠶᠢᠯᠡᠯ ᠡᠯᠭᠦᠬᠦ᠂  ᠲᠣᠭᠲᠠᠭᠠᠯ  ᠶᠤᠰᠤᠭᠠᠷ  ᠬᠠᠰᠢᠶᠠᠯᠠᠨ  ᠮᠠᠯᠵᠢᠬᠤ᠂  ᠮᠠᠯ  ᠤᠰᠤᠯᠠᠬᠤ  ᠵᠠᠮ ᠤᠨ ᠪᠠᠷᠢᠮᠵᠢᠶ᠎ᠠ ᠶᠢ ᠵᠢᠷᠤᠮᠵᠢᠭᠤᠯᠬᠤ ᠡᠰᠡᠬᠦ ᠵᠡᠷᠭᠡ ᠶᠢ ᠪᠠᠶᠢᠴᠠᠭᠠᠵᠤ᠂ ᠮᠠᠯᠴᠢᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢᠨ ᠬᠠᠮᠠᠭᠠᠯᠠᠯᠲᠠ ᠶᠢ ᠴᠢᠬᠤᠯᠠᠴᠢᠯᠠᠨ᠂ ᠪᠡᠯᠴᠢᠭᠡᠷ ᠰᠡᠷᠭᠦᠭᠡᠬᠦ ᠠᠵᠢᠯ ᠳᠤ ᠵᠢᠷᠤᠮᠯᠠᠬᠤ ᠪᠠ ᠬᠠᠮᠵᠢᠯᠴᠠᠬᠤ ᠬᠡᠷᠡᠭᠲᠡᠢ᠃      ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 20 ᠬᠥᠮᠦᠨ ᠤᠳᠠᠭ᠎ᠠ᠂ 6 ᠲᠡᠷᠭᠡ ᠬᠥᠳᠡᠯᠭᠡᠵᠦ᠂ 50 ᠭᠠᠷᠤᠶ ᠡᠷᠦᠬᠡ ᠶᠢ ᠲᠣᠭᠤᠷᠢᠨ ᠪᠠᠶᠢᠴᠠᠭᠠᠵᠤ᠂ ᠲᠣᠭᠤᠷᠢᠨ ᠪᠠᠶᠢᠴᠠᠭᠠᠭᠰᠠᠨ ᠲᠡᠮᠳᠡᠭᠯᠡᠯ ᠤᠨ ᠬᠦᠰᠦᠨᠦᠭᠲᠦ ᠶᠢ ᠨᠠᠷᠢᠨ ᠲᠠᠭᠯᠠᠨ ᠪᠢᠴᠢᠪᠡ᠃ ᠡᠭᠦᠨ ᠤ ᠬᠠᠮᠲᠤ᠂  ᠬᠦᠳᠡᠯᠭᠡᠭᠡᠨ ᠤ ᠲᠠᠯᠠᠪᠤᠷ ᠠᠴᠠ ᠭᠠᠳᠠᠨᠠᠬᠢ ᠪᠡᠯᠴᠢᠭᠡᠷ ᠰᠡᠷᠭᠦᠭᠡᠬᠦ ᠨᠤᠲᠤᠭ ᠳᠡᠭᠡᠷ᠎ᠡ ᠮᠠᠯ ᠮᠠᠯᠵᠢᠭᠰᠠᠨ᠂ ᠲᠣᠭᠲᠠᠭᠠᠯ ᠶᠣᠰᠣᠭᠠᠷ ᠫᠠᠶᠢᠰᠠ ᠡᠯᠭᠦᠭᠰᠡᠨ ᠥᠬᠡᠶ᠂ ᠭᠦᠳᠡᠯᠭᠡᠭᠡᠨ  ᠤ  ᠲᠠᠯᠠᠪᠠᠢ ᠪᠠ  ᠰᠠᠭᠠᠬᠤ ᠲᠠᠭᠤᠬᠤ ᠲᠠᠯᠠᠪᠤᠷ ᠳᠤᠬᠢᠷᠠᠭᠤᠯᠤᠭᠰᠠᠨ ᠨᠢ ᠵᠢᠷᠤᠮᠵᠢᠯ ᠥᠬᠡᠶ ᠮᠠᠯᠵᠢᠬᠤ ᠡᠷᠦᠬᠡ ᠳᠤ ᠴᠢᠭᠯᠡᠭᠦᠯᠦᠨ ᠰᠡᠷᠡᠮᠵᠢᠯᠡᠭᠦᠯᠵᠦ᠂ ᠢᠳᠬᠠᠨ ᠬᠤᠷᠢᠭᠯᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠵᠠᠯᠭᠠᠭᠠᠳ ᠳᠠᠭᠤᠲᠤᠨᠠᠭᠤᠷ ᠪᠠᠯᠭᠠᠰᠤᠨ ᠤ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ  ᠴᠢᠩᠭᠠᠳᠬᠠᠨ᠂ ᠡᠳᠦᠷ ᠪᠦᠷᠢ  ᠪᠠᠶᠢᠴᠠᠭᠠᠬᠤ  ᠬᠡᠪᠴᠢᠶ᠎ᠠ  ᠪᠠᠨ ᠦᠷᠭᠡᠳᠭᠡᠵᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ  ᠶᠢ ᠴᠢᠩᠭ᠎ᠠ ᠪᠠᠶᠢᠴᠠᠭᠠᠵᠤ᠂ ᠨᠢᠭᠡ ᠶᠢ ᠢᠯᠡᠷᠡᠭᠦᠯᠪᠡᠯ ᠨᠢᠭᠡ ᠶᠢ  ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠶ ᠳᠤᠨᠢ ᠵᠠᠷᠯᠠᠨ  ᠨᠠᠶᠢᠲᠡᠯᠡᠨ᠎ᠡ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号