4 ᠰᠠᠷ᠎ᠠ ᠶᠢᠨ 16 ᠤ ᠡᠳᠤᠷ᠂ ᠬᠤᠰᠢᠭᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ | ( ᠬᠤᠳᠠᠯᠳᠤᠭᠠᠴᠢᠳ ᠤᠨ ᠶᠡᠷᠦᠩᠬᠡᠢ ᠡᠪᠯᠡᠯ ) ᠤᠨ ᠵᠢᠷᠭᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ | ᠪᠠ ᠭᠦᠢᠴᠡᠳᠬᠡᠬᠦ ᠬᠤᠷᠢᠶᠠᠨ ᠤ ᠭᠤᠷᠪᠠᠳᠡᠬᠢ ᠬᠤᠷᠠᠯ ᠬᠤᠷᠠᠯᠳᠣᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠪᠠᠭᠠᠨ᠎ᠠ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ | ᠪᠦᠬᠡᠨ᠋ᠣᠳᠽᠠᠷ ᠬᠤᠷᠠᠯ ᠳᠤ ᠣᠷᠣᠯᠴᠠᠪᠠ᠃ | ᠬᠤᠷᠠᠯ ᠠᠴᠠ᠂ ᠬᠤᠰᠢᠭᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠵᠢᠷᠭᠤᠳᠤᠭᠠᠷ ᠬᠤᠭᠤᠴᠠᠭᠠᠨ | ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠰᠢᠶᠳᠪᠦᠷᠢ᠂ ᠬᠤᠰᠢᠭᠤ ᠦᠶᠯᠡᠳᠪᠦᠷᠢ ᠬᠤᠳᠠᠯᠳᠤᠭᠠᠨ | ᠤ ᠬᠤᠯᠪᠣᠭ᠎ᠠ ᠶᠢᠨ ᠵᠢᠷᠭᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠪᠣᠯᠤᠨ ᠭᠦᠶᠴᠡᠳᠬᠡᠬᠦ ᠵᠥᠪᠯᠡᠯ ᠤᠨ | ᠭᠡᠰᠢᠭᠦᠨ ᠤ ᠲᠣᠬᠢᠷᠠᠭᠤᠯᠤᠯᠲᠠ ᠶᠢᠨ ᠰᠢᠶᠳᠪᠦᠷᠢ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠱᠠᠭᠠᠷᠳᠠᠬᠤ ᠳᠠᠭᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠤ ᠠᠵᠢᠯ ᠨᠢ ᠡᠷᠬᠡᠪᠰᠢ | ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠬᠠᠤᠯᠢ ᠴᠠᠭᠠᠵᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠣᠭᠲᠠᠴᠠ ᠶᠢ | ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠂ ᠬᠥᠭᠵᠢᠯᠲᠡ ᠶᠢ ᠠᠬᠢᠭᠤᠯᠵᠤ᠂ ᠵᠠᠰᠠᠭ ᠠᠵᠤ ᠠᠬᠤᠶᠢᠯᠠᠯ ᠤᠨ ᠰᠣᠯᠢᠯᠴᠠᠭ᠎ᠠ ᠶᠢ ᠠᠬᠢᠭᠤᠯᠵᠤ᠂ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠳᠤᠮᠳᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠵᠠᠢ᠃ | | ᠬᠤᠷᠠᠯ ᠤᠨ ᠳᠠᠷᠠᠭ᠎ᠠ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ | 《ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ 》 ᠪᠠᠷ | ᠭᠤᠤᠯ ᠰᠡᠳᠦᠪ ᠪᠣᠯᠭᠠᠭᠰᠠᠨ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠪᠡ᠃ | ᠬᠤᠷᠠᠯ ᠳᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠵᠢᠷᠭᠤᠳᠤᠭᠠᠷ ᠬᠤᠭᠤᠴᠠᠭᠠᠨ ᠤ ᠭᠦᠢᠴᠡᠳᠬᠡᠬᠦ | ᠵᠥᠪᠯᠡᠯ᠂ ᠪᠠᠶᠢᠩᠭᠤ ᠶᠢᠨ ᠬᠤᠷᠢᠶᠠᠨ ᠤ ᠪᠦᠬᠦ ᠭᠡᠰᠢᠭᠦᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠪᠠᠶᠢᠭᠤᠯᠭ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠵᠠᠢ ᠃ | |