ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠰᠢᠶᠳᠪᠦᠷᠢᠯᠡᠨ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ 4 ᠰᠠᠷ᠎ᠠ ᠶᠢᠨ 16 ᠳᠤ᠂ ᠮᠠᠨ ᠤ ᠬᠤᠰᠢᠭᠤᠨ ᠳᠤ ᠦᠶᠯᠡᠳᠪᠦᠷᠢ ᠬᠤᠳᠠᠯᠳᠤᠭᠠᠨ ᠤ ᠬᠤᠯᠪᠣᠭᠠᠲᠤ | ᠬᠤᠷᠠᠯ ( ᠬᠤᠳᠠᠯᠳᠤᠭᠠᠴᠢᠨ ᠤ ᠶᠡᠷᠦᠩᠬᠡᠶ ᠡᠪᠯᠡᠯ ) ᠤᠨ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ | ᠵᠢᠴᠢ ᠬᠤᠶᠠᠳᠤᠭᠠᠷ ᠬᠤᠭᠤᠴᠠᠭᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ | ᠶᠢᠨ ᠲᠠᠶᠢᠯᠤᠮᠵᠢ ᠶᠢᠨ ᠬᠤᠷᠠᠯ ᠬᠤᠷᠠᠯᠳᠣᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠪᠠᠭᠠᠨ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠪᠦᠬᠡᠨ᠋ᠣᠳᠽᠠᠷ᠂ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠵᠢᠴᠢ ᠡᠯ᠎ᠡ ᠠᠵᠢᠯ ᠲᠥᠷᠥᠯ ᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠲᠣᠰ ᠪᠡᠶ᠎ᠡ ᠶᠢᠨ ᠦᠶᠯᠡᠳᠪᠦᠷᠢᠯᠡᠯ | ᠡᠵᠡᠩᠨᠡᠯᠲᠡ᠂ ᠮᠡᠷᠭᠡᠵᠢᠯ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠢ ᠥᠷᠭᠡᠳᠬᠡᠬᠦ ᠵᠡᠷᠭᠡ ᠪᠠᠶᠢᠳᠠᠯ ᠵᠢᠴᠢ | ᠲᠤᠯᠭᠠᠷᠠᠵᠤ ᠪᠠᠶᠢᠭ᠎ᠠ ᠬᠦᠴᠢᠷᠳᠡᠯ᠂ ᠬᠡᠷᠡᠭᠴᠡᠭᠡ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠬᠤ | ᠶᠢᠨ ᠬᠠᠮᠲᠤ ᠠᠰᠠᠭᠤᠨ ᠯᠠᠪᠯᠠᠯᠲᠡ ᠬᠢᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠣᠰ ᠲᠣᠰ ᠤᠨ | ᠬᠦᠷᠢᠶᠡᠨ ᠳᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢᠨ ᠲᠤᠬᠠᠶ ᠲᠠᠶᠢᠯᠤᠮᠵᠢ ᠬᠢᠪᠠ᠃ | | ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠡᠮᠵᠢᠨ᠂ ᠠᠵᠤ ᠠᠬᠤᠶᠢᠯᠠᠯ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠨᠠᠩ ᠭᠦᠨᠵᠡᠭᠡᠶ ᠣᠶᠢᠯᠠᠭᠠᠬᠤ ᠶᠢᠨ ᠬᠠᠮᠲᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠷᠢᠯᠴᠠᠬᠤ ᠵᠠᠮ | ᠢ ᠰᠢᠯᠤᠭᠤᠳᠬᠠᠵᠤ᠂ ᠣᠶᠢᠯᠠᠭᠠᠯᠲᠠ ᠶᠢ ᠠᠬᠢᠭᠤᠯᠵᠤ᠂ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠠᠵᠤ ᠠᠬᠤᠶᠢᠯᠠᠯ | ᠤᠨ ᠬᠤᠶᠢᠰᠢᠳᠠ ᠶᠢᠨ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠵᠤ᠂ ᠬᠤᠰᠢᠭᠤ ᠠᠵᠤ ᠠᠬᠤᠶ ᠪᠠ ᠨᠡᠶᠢᠭᠡᠮ | ᠤᠨ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯᠤᠨ᠎ᠠ ᠃ | |