ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ | ᠬᠡᠷᠡᠭ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠬᠡᠷᠡᠭ ᠢ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠤᠨ᠂ ᠬᠠᠪᠤᠷ ᠤᠨ ᠤᠯᠠᠷᠢᠯ ᠤᠨ | ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠲᠠᠢ | ᠤᠶᠠᠯᠳᠤᠭᠤᠯᠤᠨ᠂ 4 ᠰᠠᠷ᠎ᠠ ᠶᠢᠨ 18 ᠤ ᠡᠳᠦᠷ᠂ ᠭᠠᠬᠢᠯ ᠰᠤᠮᠤ ᠬᠠᠤᠯᠢ ᠬᠡᠷᠡᠭᠵᠢᠭᠦᠯᠦᠯᠲᠡ ᠶᠢᠨ | ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠢ | ᠵᠣᠬᠢᠶᠠᠨ ᠪᠠᠶᠢᠭᠤᠯᠵᠤ ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠯ ᠨᠢ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ | ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠵᠢᠷᠤᠮ ᠤᠨ ᠦᠵᠡᠯ ᠤᠬᠠᠮᠰᠠᠷ ᠢ | ᠴᠢᠩᠭᠠᠳᠬᠠᠨ᠂ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠢ ᠰᠢᠢᠳᠪᠦᠷᠢᠯᠡᠬᠦ ᠶᠢᠨ ᠬᠠᠤᠯᠢ ᠶᠣᠰᠣᠴᠢ ᠴᠢᠨᠠᠷ᠂ | ᠵᠢᠷᠤᠮᠵᠢᠯᠳᠤ ᠴᠢᠨᠠᠷ ᠪᠠ ᠲᠥᠪ ᠭᠤᠥᠯᠴᠢ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠂ ᠪᠣᠯᠪᠠᠰᠤᠷᠠᠯ ᠳᠤ | ᠬᠤᠰᠢᠭᠤ ᠠᠷᠠᠳ ᠤᠨ ᠰᠢᠭᠦᠬᠦ ᠬᠤᠷᠢᠶᠠᠨ ᠤ ᠬᠡᠷᠡᠭ ᠳᠠᠩᠰᠠᠯᠠᠬᠤ ᠲᠢᠩᠬᠢᠮ ᠤᠨ ᠳᠠᠷᠤᠭ᠎ᠠ ᠢᠦᠢ ᠮᠧᠶ ᠨᠦᠬᠦᠷ ᠢ | ᠤᠷᠢᠨ ᠬᠢᠴᠢᠶᠡᠯᠯᠡᠭᠦᠯᠵᠦ᠂ ᠳᠠᠭᠤᠲᠤᠨᠠᠭᠤᠷ ᠪᠠᠯᠭᠠᠰᠤ᠂ ᠮᠠᠨᠳᠤᠬᠤᠪᠤᠯᠠᠭ ᠪᠠᠯᠭᠠᠰᠤ᠂ ᠰᠠᠮᠠᠢ ᠰᠤᠮᠤ᠂ | ᠬᠦᠷᠢᠶᠡᠲᠦᠨᠠᠭᠤᠷ ᠰᠤᠮᠤ᠂ ᠭᠠᠬᠢᠯ ᠰᠤᠮᠤᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠵᠢᠴᠢ ᠠᠵᠢᠯᠲᠠᠨ | ᠨᠡᠶᠢᠲᠡ 40 ᠭᠠᠷᠤᠢ ᠬᠦᠮᠦᠨ ᠪᠣᠯᠪᠠᠰᠤᠷᠠᠯ ᠳᠤ ᠣᠷᠤᠯᠴᠠᠪᠠ᠃ | ᠨᠢᠭᠡ᠂ ᠪᠣᠯᠪᠠᠰᠤᠷᠠᠯ ᠤᠨ ᠠᠭᠤᠯᠭ᠎ᠠ ᠨᠢ ᠪᠥᠬᠦ ᠲᠠᠯ᠎ᠠ ᠶᠢᠨ ᠪᠠᠶᠢᠵᠤ᠂ ᠬᠠᠤᠯᠢ ᠬᠡᠷᠡᠭᠵᠢᠭᠦᠯᠦᠯᠲᠡ ᠶᠢᠨ | ᠬᠦᠴᠢᠷ ᠠᠰᠠᠭᠤᠳᠠᠯ ᠳᠤ ᠬᠠᠨᠳᠤᠯᠭᠠᠲᠤ ᠴᠢᠨᠠᠷ ᠲᠠᠢ | ᠪᠣᠯᠪᠠᠰᠤᠷᠠᠯ ᠳᠤ ᠨᠢᠭᠡ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠰᠢᠢᠳᠬᠡᠯ ᠤᠨ ᠬᠠᠤᠯᠢ︾ ᠵᠢᠴᠢ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠢ ᠭᠦᠨᠵᠡᠭᠡᠢ ᠲᠠᠶᠢᠯᠪᠤᠷᠢᠯᠠᠵᠤ᠂ ᠵᠠᠰᠠᠭ ᠵᠠᠬᠢᠷᠭᠠᠨ ᠤ ᠰᠢᠢᠳᠬᠡᠯ ᠤᠨ ᠦᠨᠳᠦᠰᠦᠨ ᠵᠠᠷᠴᠢᠮ᠂ ᠬᠡᠷᠡᠭᠯᠡᠬᠦ | ᠬᠡᠪᠴᠢᠶ᠎ᠡ ᠪᠠ ᠵᠢᠷᠤᠮ ᠤᠨ ᠱᠠᠭᠠᠷᠳᠠᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠬᠠᠤᠯᠢ ᠬᠡᠷᠡᠭᠵᠢᠭᠦᠯᠬᠦ | ᠠᠵᠢᠯᠲᠠᠨ ᠢ ᠬᠠᠪᠰᠤᠷᠤᠨ ᠬᠠᠤᠯᠢ ᠴᠠᠭᠠᠵᠠ ᠶᠢᠨ ᠵᠦᠢᠯ ᠵᠤᠷᠪᠤᠰ ᠤᠨ ᠠᠭᠤᠯᠤᠭᠳᠠᠬᠤᠨ ᠢ ᠣᠨᠣᠪᠴᠢᠲᠠᠶ | ᠡᠵᠡᠮᠰᠢᠭᠦᠯᠪᠡ᠃ ᠬᠤᠶᠠᠷ ᠲᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠤᠨ ᠬᠡᠷᠡᠭ ᠪᠣᠯᠭᠠᠨ | ᠳᠠᠩᠰᠠᠯᠠᠬᠤ᠂ ᠪᠠᠶᠢᠴᠠᠭᠠᠵᠤ ᠭᠡᠷᠡᠴᠢ ᠠᠪᠬᠤ᠂ ᠮᠡᠳᠡᠭᠳᠡᠬᠦ᠂ ᠭᠡᠷᠡᠴᠢᠯᠡᠭᠡ ᠰᠣᠨᠣᠰᠬᠤ᠂ ᠲᠣᠭᠲᠠᠭᠠᠯ ᠭᠠᠷᠭᠠᠬᠤ᠂ | ᠭᠦᠢᠴᠡᠳᠬᠡᠬᠦ ᠵᠡᠷᠭᠡ ᠭᠤᠭᠴᠤᠭ᠎ᠠ ᠶᠢ ᠨᠠᠷᠢᠨ ᠨᠢᠮᠪᠠᠢ ᠡᠮᠬᠢᠯᠡᠨ ᠳᠢᠭᠯᠡᠵᠦ᠂ ᠵᠢᠷᠤᠮ ᠤᠨ ᠬᠠᠤᠯᠢ ᠶᠣᠰᠣᠴᠢ ᠴᠢᠨᠠᠷ ᠪᠠ | ᠭᠡᠷᠡᠴᠢ ᠪᠠᠷᠢᠮᠲᠠ ᠶᠢᠨ ᠵᠢᠷᠤᠮᠵᠢᠯᠳᠤ ᠴᠢᠨᠠᠷ ᠢ ᠴᠢᠬᠤᠯᠠᠴᠢᠯᠠᠨ᠂ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢᠨ | ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠪᠠᠲᠤᠯᠠᠪᠠ᠃ ᠭᠤᠷᠪᠠ ᠳᠤ᠂ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ᠂ ᠯᠠᠪᠯᠠᠨ ᠠᠰᠠᠭᠤᠭᠰᠠᠨ ᠲᠡᠮᠳᠡᠭᠯᠡᠯ᠂ ᠲᠤᠬᠠᠢ ᠶᠢᠨ | ᠲᠠᠯᠠᠪᠤᠷ ᠤᠨ ᠪᠠᠶᠢᠴᠠᠭᠠᠯᠲᠠ ᠶᠢᠨ ᠲᠡᠮᠳᠡᠭᠯᠡᠯ ᠵᠡᠷᠭᠡ ᠪᠠᠶᠢᠩᠭᠤ ᠬᠡᠷᠡᠭᠯᠡᠭᠳᠡᠬᠦ ᠬᠠᠤᠯᠢ ᠬᠡᠷᠡᠭᠵᠢᠭᠦᠯᠬᠦ ᠪᠢᠴᠢᠭ ᠬᠠᠷ᠎ᠠ | ᠵᠣᠬᠢᠶᠠᠬᠤ ᠭᠤᠣᠯᠳᠠᠯᠭ᠎ᠠ ᠳᠤ ᠴᠢᠭᠯᠡᠭᠦᠯᠦᠨ ᠲᠠᠶᠢᠯᠤᠮᠵᠢ ᠬᠢᠵᠦ᠂ ᠪᠢᠴᠢᠭ ᠬᠠᠷ᠎ᠠ ᠵᠣᠬᠢᠶᠠᠬᠤ ᠶᠢᠨ ᠵᠢᠷᠤᠮᠵᠢᠯᠳᠤ ᠴᠢᠨᠠᠷ | ᠪᠠ ᠴᠢᠩᠭ᠎ᠠ ᠨᠢᠮᠪᠠᠢ ᠴᠢᠨᠠᠷ ᠢ ᠳᠡᠭᠡᠭᠰᠢᠯᠡᠭᠦᠯᠪᠡ᠃ ᠳᠥᠷᠪᠡ ᠳᠤ᠂ ᠣᠶᠢᠷ᠎ᠠ ᠶᠢᠨ ᠵᠢᠯ ᠤᠨ ᠬᠠᠤᠯᠢ ᠬᠡᠷᠡᠭᠵᠢᠭᠦᠯᠬᠦ | ᠦᠢᠯᠡᠳᠦᠯᠭᠡ ᠶᠢᠨ ᠳᠤᠮᠳᠠ ᠢᠯᠡᠷᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠰᠡᠷᠭᠦᠭᠡᠬᠦ ᠲᠣᠭᠲᠠᠭᠠᠯ ᠢ | ᠵᠥᠷᠢᠴᠡᠭᠰᠡᠨ ᠬᠡᠷᠡᠭ᠂ ᠮᠠᠯ ᠪᠡᠯᠴᠢᠭᠡᠷ ᠤᠨ ᠲᠡᠩᠴᠡᠭᠦᠷᠢ ᠶᠢ ᠵᠥᠷᠢᠴᠡᠭᠰᠡᠨ ᠬᠡᠷᠡᠭ᠂ ᠲᠣᠭᠲᠠᠭᠠᠯ ᠢ ᠵᠥᠷᠢᠴᠡᠨ | ᠬᠠᠳᠤᠯᠠᠩ ᠬᠠᠳᠤᠭᠰᠠᠨ ᠬᠡᠷᠡᠭ ᠵᠡᠷᠭᠡ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢ | ᠰᠢᠢᠳᠪᠦᠷᠢᠯᠡᠬᠦ ᠶᠠᠪᠤᠴᠠ ᠳᠠᠬᠢ ᠪᠠᠶᠢᠩᠭᠤ ᠲᠣᠬᠢᠶᠠᠯᠳᠤᠬᠤ ᠠᠰᠠᠭᠤᠳᠠᠯ ᠪᠠ ᠲᠦᠭᠰᠢᠭᠦᠷᠢ ᠶᠢᠨ ᠴᠡᠭ ᠢ ᠭᠦᠨᠵᠡᠭᠡᠢ | ᠵᠠᠳᠠᠯᠤᠨ ᠰᠢᠨᠵᠢᠯᠡᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ ᠬᠠᠤᠯᠢ ᠬᠡᠷᠡᠭᠵᠢᠭᠦᠯᠬᠦ ᠠᠵᠢᠯᠲᠠᠨ ᠤ | ᠪᠤᠳᠤᠯᠢᠶᠠᠨᠲᠠᠢ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠠᠪᠤ ᠳᠤ᠂ ᠬᠠᠤᠯᠢ ᠬᠡᠷᠡᠭᠵᠢᠭᠦᠯᠬᠦ | ᠶᠠᠪᠤᠴᠠ ᠳᠤ ᠲᠤᠯᠭᠠᠷᠠᠵᠤ ᠮᠡᠳᠡᠬᠦ ᠬᠠᠤᠯᠢ ᠴᠠᠭᠠᠵᠠ ᠶᠢᠨ ᠠᠶᠤᠯ ᠲᠦᠭᠰᠢᠭᠦᠷᠢ ᠪᠠ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠠᠶᠤᠯ ᠲᠦᠭᠰᠢᠭᠦᠷᠢ ᠶᠢᠨ | ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠬᠠᠤᠯᠢ | ᠶᠣᠰᠣᠨ ᠤ ᠪᠠ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠪᠠ᠃ | ᠬᠤᠶᠠᠷ᠂ ᠪᠣᠯᠪᠠᠰᠤᠷᠠᠯ ᠤᠨ ᠬᠡᠯᠪᠡᠷᠢ ᠨᠢ ᠤᠯᠠᠨ ᠶᠠᠩᠵᠤ ᠶᠢᠨ ᠪᠠᠶᠢᠵᠤ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠪᠠ | ᠪᠣᠯᠪᠠᠰᠤᠷᠠᠯ ᠨᠢ ᠤᠨᠤᠯ ᠪᠠ ᠦᠢᠯᠡᠳᠦᠯᠭᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠶᠢᠯᠠᠭᠠᠯᠲᠠ ᠪᠠᠨ | ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠣᠳᠠᠲᠠᠢ ᠬᠡᠷᠡᠭ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠭᠰᠡᠨ ᠪᠠᠶᠢᠨ᠎ᠠ᠃ ᠨᠢᠭᠡ ᠳᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠢ | ᠰᠢᠢᠳᠪᠦᠷᠢᠯᠡᠬᠦ ᠬᠠᠤᠯᠢ ᠴᠠᠭᠠᠵᠠ ᠶᠢᠨ ᠦᠨᠳᠦᠰᠦᠯᠡᠯ ᠪᠠ ᠠᠵᠢᠯᠯᠠᠭᠠᠨ ᠤ ᠵᠢᠷᠤᠮᠵᠢᠯ ᠢ ᠰᠢᠰᠲ᠋ᠧᠮ ᠲᠠᠢ | ᠲᠠᠶᠢᠯᠪᠤᠷᠢᠯᠠᠵᠤ᠂ ᠬᠠᠤᠯᠢ ᠬᠡᠷᠡᠭᠵᠢᠭᠦᠯᠬᠦ ᠠᠵᠢᠯᠲᠠᠨ ᠳᠤ ᠣᠨᠣᠯ ᠤᠨ ᠲᠤᠯᠭᠠᠭᠤᠷᠢᠯᠠᠯ ᠬᠠᠩᠭᠠᠪᠠ᠃ ᠬᠤᠶᠠᠷ ᠲᠤ᠂ | ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ | ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠵᠠᠩᠭᠢᠯᠠᠭ᠎ᠠ ᠶᠢᠨ ᠭᠤᠭᠴᠤᠭ᠎ᠠ ᠪᠠ ᠠᠩᠬᠠᠷᠬᠤ ᠵᠦᠢᠯᠡᠰ ᠢ ᠰᠢᠭᠤᠳ | ᠣᠶᠢᠯᠠᠭᠤᠯᠪᠠ᠃ ᠭᠤᠷᠪᠠ ᠳᠤ᠂ ᠬᠠᠷᠢᠯᠴᠠᠨ ᠬᠥᠳᠡᠯᠦᠯᠴᠡᠬᠦ ᠭᠤᠭᠴᠤᠭ᠎ᠠ ᠭᠠᠷᠭᠠᠵᠤ᠂ ᠬᠠᠤᠯᠢ ᠬᠡᠷᠡᠭᠵᠢᠭᠦᠯᠬᠦ | ᠠᠵᠢᠯᠲᠠᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠡᠯᠧᠺᠲᠷᠣᠨ ᠬᠦᠷᠭᠡᠯᠲᠡ ᠶᠢᠨ ᠬᠠᠤᠯᠢ ᠳᠤ ᠨᠡᠶᠢᠴᠡᠬᠦ | ᠡᠰᠡᠬᠦ᠂ ᠴᠢᠯᠦᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠬᠡᠷᠡᠭᠵᠢᠭᠦᠯᠬᠦ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠬᠡᠷᠡᠭᠯᠡᠬᠦ ᠵᠡᠷᠭᠡ ᠬᠠᠤᠯᠢ ᠬᠡᠷᠡᠭᠵᠢᠭᠦᠯᠦᠯᠲᠡ ᠶᠢᠨ | ᠥᠨᠳᠥᠷ ᠳᠠᠪᠲᠠᠮᠵᠢ ᠶᠢᠨ ᠠᠰᠠᠭᠤᠳᠠᠯ ᠤᠨ ᠲᠤᠬᠠᠢ ᠢᠳᠡᠪᠬᠢᠲᠡᠢ ᠪᠠᠷ ᠠᠰᠠᠭᠤᠵᠤ᠂ ᠲᠢᠩᠬᠢᠮ ᠤᠨ ᠳᠠᠷᠤᠭ᠎ᠠ ᠢᠦᠢ | ᠮᠧᠶ ᠨᠦᠬᠦᠷ ᠰᠢᠭᠦᠨ ᠲᠠᠰᠤᠯᠤᠯᠲᠠ ᠶᠢᠨ ᠦᠢᠯᠡᠳᠦᠯᠭᠡ ᠲᠠᠢ ᠤᠶᠠᠯᠳᠤᠭᠤᠯᠤᠨ ᠨᠢᠭᠡᠳ ᠨᠢᠭᠡ ᠪᠠᠷ ᠲᠤᠰᠬᠠᠢ | ᠮᠡᠷᠭᠡᠵᠢᠯ ᠤᠨ ᠬᠠᠷᠢᠭᠤᠯᠲᠠ ᠥᠭᠴᠦ᠂ ᠬᠠᠤᠯᠢ ᠬᠡᠷᠡᠭᠵᠢᠭᠦᠯᠦᠯᠲᠡ ᠶᠢᠨ ᠬᠦᠴᠢᠷᠳᠡᠯ ᠢ ᠰᠢᠢᠳᠪᠦᠷᠢᠯᠡᠵᠡᠢ᠃ | ᠭᠤᠷᠪᠠ᠂ ᠪᠣᠯᠪᠠᠰᠤᠷᠠᠯ ᠤᠨ ᠦᠷ᠎ᠡ ᠪᠦᠲᠦᠮᠵᠢ ᠢᠯᠡᠳᠲᠡ ᠪᠠᠶᠢᠵᠤ᠂ ᠬᠠᠤᠯᠢ ᠬᠡᠷᠡᠭᠵᠢᠭᠦᠯᠬᠦ ᠬᠢᠷᠢ | ᠬᠡᠮᠵᠢᠶ᠎ᠡ ᠶᠢ ᠳᠡᠭᠡᠭᠰᠢᠯᠡᠪᠡ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠶᠢᠨ ᠬᠡᠷᠡᠭ ᠢ ᠰᠢᠢᠳᠪᠦᠷᠢᠯᠡᠬᠦ ᠬᠠᠤᠯᠢ ᠴᠠᠭᠠᠵᠠ ᠶᠢᠨ ᠦᠨᠳᠦᠰᠦᠯᠡᠯ᠂ ᠵᠢᠷᠤᠮ ᠤᠨ | ᠱᠠᠭᠠᠷᠳᠠᠯᠭ᠎ᠠ ᠪᠠ ᠠᠵᠢᠯᠯᠠᠭᠠᠨ ᠤ ᠵᠢᠷᠤᠮᠵᠢᠯ ᠳᠤ ᠨᠠᠩ ᠪᠥᠬᠦ ᠲᠠᠯ᠎ᠠ ᠶᠢᠨ᠂ ᠭᠦᠨᠵᠡᠭᠡᠢ ᠣᠶᠢᠯᠠᠭᠠᠯᠲᠠ ᠲᠠᠢ ᠪᠣᠯᠵᠤ᠂ | ᠬᠠᠤᠯᠢ ᠬᠡᠷᠡᠭᠵᠢᠭᠦᠯᠬᠦ ᠴᠢᠳᠠᠪᠤᠷᠢ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠯᠡᠳᠲᠡ ᠳᠡᠭᠡᠭᠰᠢᠯᠡᠪᠡ᠃ | ᠪᠣᠯᠪᠠᠰᠤᠷᠠᠯ ᠳᠤ ᠣᠷᠣᠯᠴᠠᠭᠰᠠᠳ᠂ ᠪᠣᠯᠪᠠᠰᠤᠷᠠᠯ ᠤᠨ ᠠᠭᠤᠯᠭ᠎ᠠ ᠨᠢ ᠪᠣᠳᠠᠲᠠᠢ ᠲᠠᠢ ᠣᠶᠢᠷᠠᠲᠤᠨ᠂ ᠬᠠᠨᠳᠤᠯᠭᠠᠲᠤ | ᠴᠢᠨᠠᠷ ᠢᠶᠠᠷ ᠴᠢᠩᠭ᠎ᠠ ᠪᠠᠶᠢᠵᠤ᠂ ᠬᠤᠶᠢᠰᠢᠳᠠ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠬᠡᠷᠡᠭ ᠰᠢᠢᠳᠪᠦᠷᠢᠯᠡᠬᠦ | ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠭᠡᠵᠡᠭᠡᠵᠡᠢ᠃ | ᠲᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠨᠢ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ | ᠪᠣᠯᠭᠠᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠠᠤᠯᠢ ᠬᠡᠷᠡᠭᠵᠢᠭᠦᠯᠬᠦ | ᠠᠵᠢᠯ ᠤᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠨᠡᠩ ᠵᠢᠷᠤᠮᠵᠢᠭᠤᠯᠬᠤ᠂ | ᠲᠤᠰᠬᠠᠶᠢᠵᠢᠭᠤᠯᠬᠤ᠂ ᠬᠠᠤᠯᠢᠵᠢᠭᠤᠯᠬᠤ ᠶᠢ ᠠᠬᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠬᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠪᠠᠷ ᠴᠢᠷᠮᠠᠶᠢᠨ᠎ᠠ᠃ | | |