4 ᠰᠠᠷ᠎ᠠ ᠶᠢᠨ 17 ᠤ ᠡᠳᠦᠷ᠂ ᠰᠢᠯᠢ ᠶᠢᠨ ᠭᠤᠤᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠠᠬᠢᠯ | ᠰᠣᠮᠣᠨ ᠳᠤ ᠭᠦᠨᠵᠡᠭᠡᠶᠢᠷᠡᠨ᠂ ᠮᠠᠯᠵᠢᠬᠤ ᠣᠷᠣᠨ ᠤ ᠬᠠᠮᠲᠤ ᠶᠢᠨ ︽ᠪᠡᠯᠡ ᠮᠦᠩᠭᠦ᠂ ᠡᠳ᠋ ᠬᠦᠷᠦᠩᠭᠡ᠂ ᠡᠬᠢ | ᠪᠠᠶᠠᠯᠢᠭ︾ ᠤᠨ ᠬᠠᠮᠢᠶᠠᠷᠤᠯᠲᠠ ᠶᠢᠨ ᠠᠵᠢᠯ ᠵᠢᠴᠢ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠲᠠᠷᠢᠶᠠᠯᠠᠩ | ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ | ᠤᠳᠤᠷᠢᠳᠤᠯᠭ᠎ᠠ ᠵᠢᠴᠢ ᠰᠤᠮᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠪᠠᠷ᠎ᠠ ᠪᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠨᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠬᠤ᠂ ᠲᠠᠩᠰᠠ | ᠡᠪᠬᠡᠮᠡᠯ ᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠮᠠᠯᠵᠢᠬᠤ ᠣᠷᠣᠨ ᠤ ᠬᠠᠮᠲᠤ ᠶᠢᠨ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠤᠨ | ᠬᠠᠮᠢᠶᠠᠷᠤᠯᠲᠠ ᠶᠢᠨ ᠠᠵᠢᠯ ᠪᠠ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠲᠠᠯ᠎ᠠ ᠪᠠᠷ ᠠᠪᠤᠭᠰᠠᠨ ᠠᠷᠭ᠎ᠠ ᠬᠡᠮᠵᠢᠶ᠎ᠡ ᠵᠢᠴᠢ ᠣᠯᠣᠭᠰᠠᠨ ᠦᠷ᠎ᠡ ᠪᠦᠲᠦᠮᠵᠢ ᠶᠢ ᠨᠠᠷᠢᠨ | ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠳᠤ | ᠪᠣᠳᠠᠲᠠᠢ ᠱᠠᠭᠠᠷᠳᠠᠯᠭ᠎ᠠ ᠳᠤᠷᠠᠳᠪᠠ᠃ | ᠨᠢᠭᠡ ᠳᠤ᠂ ᠭᠠᠴᠠᠭᠠᠨ ᠤ ᠬᠠᠮᠲᠤ ᠶᠢᠨ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠤᠨ | ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠤᠭ᠎ᠠ ᠪᠦᠷᠢᠳᠬᠡᠯ ᠢ ᠲᠣᠳᠣᠷᠬᠠᠶᠢᠯᠠᠨ᠂ ᠡᠬᠡ | ᠲᠠᠩᠰᠠ ᠨᠢ ᠪᠣᠳᠠᠲᠠᠢ᠂ ᠲᠥᠷᠥᠯ ᠵᠦᠢᠯ ᠨᠢ ᠪᠦᠷᠢᠨ ᠪᠠᠶᠢᠬᠤ ᠬᠡᠷᠡᠭᠲᠡᠢ᠃ ᠭᠠᠴᠠᠭᠠᠨ ᠤ ᠬᠠᠮᠲᠤ ᠶᠢᠨ ︽ᠪᠡᠯᠡ | ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢᠨ ᠳᠦᠷᠢᠮ ᠪᠠ ᠬᠢᠨᠠᠯᠲᠠ ᠲᠠᠯᠪᠢᠬᠤ | ᠲᠣᠭᠲᠠᠴᠠ ᠶᠢ ᠲᠡᠭᠦᠯᠳᠡᠷᠵᠢᠭᠦᠯᠵᠦ᠂ ᠭᠠᠴᠠᠭᠠᠨ ᠤ ᠬᠠᠮᠲᠤ ᠶᠢᠨ ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ | ᠶᠢ ᠵᠦᠢ ᠵᠣᠬᠢᠰᠲᠠᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ 2025 ᠣᠨ ᠤ ᠮᠠᠯᠵᠢᠬᠤ ᠣᠷᠣᠨ ᠤ | ᠬᠠᠮᠲᠤ ᠶᠢᠨ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠶᠢ ᠨᠠᠷᠢᠯᠢᠭ ᠤᠨᠤᠪᠴᠢᠲᠠᠢ ᠪᠠᠷ | ᠬᠠᠷᠭᠤᠭᠤᠯᠤᠨ ᠪᠠᠶᠢᠴᠠᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠪᠡᠯᠡ ᠮᠥᠩᠭᠦ ᠶᠢᠨ ᠬᠡᠷᠡᠭᠯᠡᠯᠲᠡ ᠶᠢ | ᠵᠢᠷᠤᠮᠵᠢᠭᠤᠯᠬᠤ ᠲᠠᠰ ᠳᠠᠷᠠᠭᠠᠯᠠᠯ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠡᠳ᠋ ᠤᠨ | ᠶᠠᠪᠤᠳᠠᠯ ᠤᠨ ᠠᠭᠤᠯᠭ᠎ᠠ ᠶᠢ ᠴᠠᠭ ᠲᠤᠬᠠᠢ ᠳᠤ ᠨᠢ ᠢᠯᠡ ᠪᠣᠯᠭᠠᠬᠤ ᠶᠢ ᠰᠠᠶᠢᠲᠤᠷ ᠬᠢᠵᠦ᠂ ᠡᠷᠬᠡ ᠶᠢ ᠢᠯᠡ ᠪᠠᠷ | ᠬᠡᠷᠡᠭᠵᠢᠭᠦᠯᠵᠦ᠂ ᠮᠠᠯᠴᠢᠨ ᠲᠦᠮᠡᠨ ᠤ ᠪᠠᠶᠢᠳᠠᠯ ᠢ ᠮᠡᠳᠡᠬᠦ ᠡᠷᠬᠡ ᠪᠠ ᠣᠷᠣᠯᠴᠠᠬᠤ ᠡᠷᠬᠡ ᠶᠢ ᠬᠠᠮᠠᠭᠠᠯᠠᠨ᠎ᠠ᠃ | ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠯᠡ ᠮᠥᠩᠭᠦ ᠶᠢᠨ ᠬᠠᠮᠢᠶᠠᠷᠤᠯᠲᠠ ᠲᠠᠢ | ᠵᠣᠯᠭᠠᠭᠤᠯᠬᠤ ᠠᠵᠢᠯ ᠢ ᠰᠠᠶᠢᠲᠤᠷ ᠬᠠᠮᠢᠶᠠᠷᠴᠤ᠂ ᠰᠡᠭᠦᠯᠴᠢ ᠶᠢᠨ ᠬᠤᠭᠤᠴᠠᠭᠠᠨ ᠤ ᠲᠦᠷᠦᠯ ᠵᠦᠢᠯ ᠤᠨ ᠬᠡᠪ ᠤᠨ | ᠠᠵᠢᠯᠯᠠᠭ᠎ᠠ ᠪᠠ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠠᠵᠢᠯ ᠢ ᠰᠠᠶᠢᠲᠤᠷ ᠬᠢᠵᠦ᠂ ᠮᠠᠯᠴᠢᠨ ᠲᠦᠮᠡᠨ ᠤ | ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠮᠠᠯᠵᠢᠬᠤ ᠣᠷᠣᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠵᠢᠵᠢᠭ ᠬᠡᠯᠪᠡᠷᠢ ᠶᠢᠨ ᠬᠤᠤᠷ | ᠦᠭᠡᠢ ᠪᠤᠯᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠦᠪᠡᠭᠴᠢᠯᠡᠨ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ | ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠭᠡᠵᠠᠢ᠃ | ᠲᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠨᠢ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ | ᠠᠵᠠ ᠲᠣᠬᠢᠶᠠᠯ ᠪᠣᠯᠭᠠᠵᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠭᠠᠴᠠᠭ᠎ᠠ ᠶᠢᠨ ᠬᠠᠮᠲᠤ ᠶᠢᠨ ︽ ᠪᠡᠯᠡ ᠮᠦᠩᠭᠦ᠂ ᠡᠳ᠋ ᠬᠦᠷᠦᠩᠭᠡ᠂ ᠡᠬᠢ | ᠪᠠᠶᠠᠯᠢᠭ︾ ᠢ ᠪᠦᠬᠦ ᠲᠠᠯ᠎ᠠ ᠪᠠᠷ ᠪᠠᠶᠢᠴᠠᠭᠠᠬᠤ ᠶᠢ ᠥᠷᠨᠢᠭᠦᠯᠵᠦ᠂ ᠬᠥᠳᠡᠯᠦᠩᠭᠦᠢ ᠡᠬᠡ ᠳᠠᠩᠰᠠ ᠪᠠᠶᠢᠭᠤᠯᠵᠤ᠂ | ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠡᠳ᠋ ᠬᠥᠷᠥᠩᠭᠡ᠂ ᠡᠬᠢ ᠪᠠᠶᠠᠯᠢᠭ᠂ ᠪᠡᠯᠡ ᠮᠥᠩᠭᠦ ᠶᠢᠨ | ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠤᠨᠢᠨ ᠳᠡᠭᠡᠷ᠎ᠡ ᠨᠢ ᠰᠢᠨᠡᠳᠬᠡᠬᠦ ᠶᠢ | ᠪᠠᠲᠤᠯᠠᠨ᠎ᠠ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠵᠦ᠂ ︽ᠪᠡᠯᠡ ᠮᠦᠩᠭᠦ᠂ ᠡᠳ᠋ | ᠬᠦᠷᠦᠩᠭᠡ᠂ ᠡᠬᠢ ᠪᠠᠶᠠᠯᠢᠭ︾ ᠶᠢᠨ ᠬᠡᠷᠡᠭᠯᠡᠯᠲᠡ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ | ᠪᠣᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ | ᠲᠤᠰᠬᠠᠢ ᠵᠦᠢᠯ ᠤᠨ ᠰᠢᠪᠠᠳᠠᠨ ᠪᠠᠶᠢᠴᠠᠭᠠᠯᠲᠠ ᠶᠢ ᠥᠷᠨᠢᠭᠦᠯᠦᠨ᠎ᠡ᠃ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠦᠬᠡ ᠶᠢᠨ ᠵᠣᠷᠯᠣᠩ ᠤᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠶᠢᠲᠡ ᠶᠢᠨ ᠵᠣᠷᠯᠣᠩ ᠤᠨ ᠡᠳᠦᠷ ᠲᠤᠳᠤᠮ ᠤᠨ | ᠬᠠᠮᠠᠭᠠᠯᠠᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠴᠣᠭᠴᠠᠯᠠᠵᠤ᠂ ᠭᠤᠣᠯᠳᠠᠯᠭ᠎ᠠ ᠲᠠᠢ ᠬᠦᠷᠢᠶᠡᠨ ᠤ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ | ᠳᠤᠲᠠᠭᠤᠳᠠᠯ ᠢ ᠨᠥᠬᠦᠪᠦᠷᠢᠯᠡᠨ᠎ᠡ᠃ |