ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠤᠯᠠᠮ | ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠥᠯᠥᠭᠡ᠂ ᠡᠵᠢᠨᠠᠭᠤᠷ ᠪᠠᠯᠭᠠᠰᠤ ᠨᠢ ᠣᠶᠢᠷ᠎ᠠ ᠳᠤ ᠬᠠᠪᠤᠷ ᠤᠨ | ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠡᠮᠬᠢ ᠵᠢᠷᠤᠮ ᠲᠠᠢ ᠥᠷᠨᠢᠭᠦᠯᠪᠡ᠃ | ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠ ᠨᠤᠲᠤᠭ ᠪᠡᠯᠴᠢᠭᠡᠷ ᠤᠨ ᠲᠤᠰᠬᠠᠢ ᠲᠤᠰᠢᠶᠠᠯᠲᠤ ᠬᠢᠨᠠᠨ | ᠬᠠᠮᠠᠭᠠᠯᠠᠭᠴᠢ᠂ ᠨᠤᠲᠤᠭ ᠪᠡᠯᠴᠢᠭᠡᠷ ᠤᠨ ᠲᠤᠤᠷᠴᠢᠯᠠᠭᠰᠠᠨ ᠠᠵᠢᠯᠲᠠᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ 2 ᠲᠤᠰᠬᠠᠢ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶᠠᠲᠤ ᠣᠷᠣᠨ ᠤ ᠳᠣᠲᠣᠷᠠᠬᠢ 6 | ᠭᠠᠴᠠᠭᠠᠨ ᠤ ᠮᠠᠯᠵᠢᠬᠤ ᠡᠷᠦᠭᠡ ᠶᠢᠨ ᠬᠠᠪᠦᠷ ᠤᠨ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠢ ᠥᠷᠨᠢᠭᠦᠯᠵᠦ | ᠪᠠᠶᠢᠭ᠎ᠠ ᠪᠠᠶᠢᠳᠠᠯ ᠢ ᠲᠣᠭᠤᠷᠢᠨ ᠪᠠᠶᠢᠴᠠᠭᠠᠨ ᠬᠢᠨᠠᠯᠲᠠ ᠲᠠᠯᠪᠢᠵᠤ᠂ ᠮᠠᠯᠵᠢᠬᠤ ᠡᠷᠦᠭᠡ ᠶᠢᠨ ᠮᠠᠯ ᠤᠨ | ᠬᠠᠰᠢᠶᠠᠯᠠᠭ᠎ᠠ ᠶᠢᠨ ᠲᠠᠯᠠᠪᠤᠷ ᠪᠠ ᠲᠦᠯ ᠮᠠᠯ ᠬᠦᠬᠦᠭᠦᠯᠬᠦ ᠬᠦᠳᠡᠯᠭᠡᠭᠡᠨ ᠤ ᠲᠠᠯᠠᠪᠤᠷ ᠭᠠᠷᠭᠠᠭᠰᠠᠨ ᠪᠠᠶᠢᠳᠠᠯ᠂ | ᠬᠠᠰᠢᠶᠠᠯᠠᠭ᠎ᠠ ᠶᠢᠨ ᠫᠠᠶᠢᠰᠠ ᠡᠯᠭᠦᠭᠰᠡᠨ ᠡᠰᠡᠬᠦ᠂ ᠮᠠᠯ ᠣᠰᠦᠯᠠᠬᠤ ᠨᠡᠪᠲᠡᠷᠡᠬᠦ ᠵᠠᠮ ᠭᠠᠷᠭᠠᠭᠰᠠᠨ ᠨᠢ ᠳᠦᠷᠢᠮᠵᠢᠭᠦᠨ | ᠡᠰᠡᠬᠦ ᠵᠡᠷᠭᠡ ᠶᠢ ᠪᠠᠶᠢᠴᠠᠭᠠᠵᠤ᠂ ᠮᠠᠯᠴᠢᠨ ᠲᠦᠮᠡᠨ ᠢ ᠬᠦᠲᠦᠯᠦᠨ ᠵᠢᠯᠤᠭᠤᠳᠴᠤ ᠪᠠᠶᠢᠭᠠᠳ ᠠᠮᠢ ᠠᠬᠤᠢ ᠶᠢᠨ | ᠬᠠᠮᠠᠭᠠᠯᠠᠯᠲᠠ ᠶᠢ ᠴᠢᠬᠤᠯᠠᠴᠢᠯᠠᠨ᠂ ᠪᠡᠯᠴᠢᠭᠡᠷ ᠰᠡᠷᠭᠦᠭᠡᠬᠦ ᠠᠵᠢᠯ ᠳᠤ ᠬᠠᠮᠵᠢᠯᠴᠠᠬᠤ ᠶᠢ ᠤᠬᠠᠭᠠᠭᠤᠯᠪᠠ᠃ | 4 ᠰᠠᠷ᠎ᠠ ᠶᠢᠨ 16 ᠤ ᠡᠳᠦᠷ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠨᠢ ᠨᠡᠶᠢᠲᠡ 33 ᠬᠥᠮᠥᠨ | ᠤᠳᠠᠭ᠎ᠠ᠂ 9 ᠤᠳᠠᠭ᠎ᠠ ᠲᠡᠷᠭᠡ ᠬᠦᠳᠡᠯᠭᠡᠵᠦ᠂ 102 ᠡᠷᠦᠬᠡ ᠶᠢ ᠲᠤᠭᠤᠷᠢᠨ ᠪᠠᠶᠢᠴᠠᠭᠠᠬᠤ ᠶᠢᠨ ᠬᠠᠮᠲᠤ ᠲᠤᠭᠤᠷᠢᠨ | ᠪᠠᠶᠢᠴᠠᠭᠠᠭᠰᠠᠨ ᠲᠡᠮᠳᠡᠭᠯᠡᠯ ᠢ ᠨᠠᠷᠢᠨ ᠲᠠᠭᠯᠠᠨ ᠪᠢᠴᠢᠪᠡ᠃ ᠡᠭᠦᠨ ᠳᠤ᠂ ᠬᠦᠳᠡᠯᠭᠡᠭᠡᠨ ᠤ ᠴᠠᠭ ᠠᠴᠠ ᠪᠤᠰᠤᠳ ᠴᠠᠭ | ᠲᠤ ᠬᠦᠳᠡᠯᠭᠡᠭᠡᠨ ᠤ ᠲᠠᠯᠠᠪᠤᠷ ᠲᠤ ᠮᠠᠯ ᠪᠡᠯᠴᠢᠭᠡᠷᠯᠡᠭᠦᠯᠦᠭᠰᠡᠨ᠂ ᠬᠦᠳᠡᠯᠭᠡᠭᠡᠨ ᠤ ᠲᠠᠯᠠᠪᠤᠷ ᠪᠤᠶᠤ ᠰᠠᠭᠠᠬᠤ ᠲᠠᠭᠤᠬᠤ | ᠲᠠᠯᠠᠪᠤᠷ ᠨᠢ ᠳᠦᠷᠢᠮᠵᠢᠭᠦᠨ ᠪᠤᠰᠤ 6 ᠮᠠᠯᠴᠢᠨ ᠡᠷᠦᠬᠡ ᠳᠤ ᠰᠡᠷᠡᠮᠵᠢᠯᠡᠭᠦᠯᠵᠦ ᠢᠳᠬᠠᠨ ᠴᠢᠭᠴᠡᠯᠡᠪᠡ᠂ | ᠬᠦᠳᠡᠯᠭᠡᠭᠡᠨ ᠤ ᠲᠠᠯᠠᠪᠤᠷ ᠠᠴᠠ ᠭᠠᠳᠠᠨᠠᠬᠢ ᠪᠡᠯᠴᠢᠭᠡᠷ ᠰᠡᠷᠭᠦᠭᠡᠬᠦ ᠨᠤᠲᠤᠭ ᠳᠡᠭᠡᠷ᠎ᠡ ᠮᠠᠯ ᠪᠡᠯᠴᠢᠭᠡᠷᠯᠡᠭᠰᠡᠨ 5 | ᠮᠠᠯᠴᠢᠨ ᠡᠷᠦᠬᠡ ᠳᠤ ᠬᠠᠤᠯᠢ ᠶᠣᠰᠣᠭᠠᠷ ᠬᠡᠷᠡᠭ ᠪᠣᠯᠭᠠᠨ ᠲᠠᠩᠰᠠᠯᠠᠵᠤ ᠪᠠᠶᠢᠴᠠᠭᠠᠭᠰᠠᠨ ᠪᠥᠭᠡᠳ ᠲᠤᠭᠲᠠᠭᠠᠯ | ᠶᠣᠰᠣᠭᠠᠷ ᠲᠤᠬᠠᠢ ᠶᠢᠨ ᠬᠥᠮᠥᠨ ᠳᠤ ︽ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠭᠰᠠᠨ ᠲᠡᠮᠳᠡᠭᠯᠡᠯ︾᠂ | ︽ᠲᠤᠬᠠᠢ ᠶᠢᠨ ᠲᠠᠯᠠᠪᠠᠢ ᠳᠤ ᠭᠡᠷᠡᠴᠢ ᠠᠪᠤᠭᠰᠠᠨ ᠰᠡᠭᠦᠳᠡᠷ︾᠂ ︽ᠲᠤᠬᠠᠢ ᠶᠢᠨ ᠲᠠᠯᠠᠪᠠᠢ ᠠᠴᠠ ᠠᠰᠠᠭᠤᠨ | ᠯᠠᠪᠯᠠᠭᠰᠠᠨ ᠲᠡᠮᠳᠡᠭᠯᠡᠯ︾ ᠵᠡᠷᠭᠡ ᠭᠡᠷᠡᠴᠢ ᠠᠪᠬᠤ ᠠᠵᠢᠯ ᠢ ᠬᠢᠭᠰᠡᠨ ᠤ ᠳᠠᠷᠠᠭ᠎ᠠ ︽ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠨᠢ ᠵᠠᠷᠯᠢᠭᠳᠠᠨ ᠵᠣᠭᠰᠤᠭᠠᠬᠤ ᠮᠡᠳᠡᠭᠳᠡᠯ ᠤᠨ ᠪᠢᠴᠢᠭ︾ ᠂ ︽ ᠵᠠᠰᠠᠭ ᠵᠠᠬᠢᠷᠭᠠᠨ ᠤ ᠰᠢᠢᠳᠭᠡᠯ | ᠣᠯᠭᠤᠯᠬᠤ ᠶᠢ ᠤᠷᠢᠳᠠᠪᠠᠷ ᠮᠡᠳᠡᠭᠳᠡᠬᠦ ᠪᠢᠴᠢᠭ︾ ᠪᠠᠭᠤᠯᠭᠠᠵᠠᠢ᠃ | ᠲᠠᠷᠠᠭᠠᠴᠢ ᠶᠢᠨ ᠠᠯᠬᠤᠮ ᠳᠤ ᠡᠵᠢᠨᠠᠭᠤᠷ ᠪᠠᠯᠭᠠᠰᠤᠨ ᠤ ᠶᠡᠷᠥᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠨᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠬᠠᠷᠢᠶᠠᠲᠤ ᠣᠷᠣᠨ ᠤ ᠮᠠᠯᠴᠢᠨ | ᠡᠷᠦᠬᠡ ᠳᠤ ᠤᠬᠠᠭᠤᠯᠤᠨ ᠵᠢᠯᠤᠭᠤᠳᠬᠤ ᠠᠵᠢᠯ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠪᠤᠷ ᠤᠨ | ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠠᠮᠵᠢᠯᠲᠠ ᠲᠠᠢ ᠶᠠᠪᠤᠭᠳᠠᠬᠤ ᠶᠢ ᠪᠠᠲᠤᠯᠠᠨ᠎ᠠ᠃ | |