ᠡᠵᠢᠨᠠᠭᠤᠷ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠢᠮᠠᠳᠤᠭᠠᠷ ᠤᠳᠠᠭᠠᠨ ᠤ ᠬᠤᠷᠠᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2025/4/27
      4 ᠰᠠᠷ᠎ᠠ ᠶᠢᠨ 10  ᠤ ᠡᠳᠦᠷ ᠠᠴᠠ 11  ᠤ ᠡᠳᠦᠷ ᠪᠣᠯᠲᠠᠯ᠎ᠠ᠂ ᠡᠵᠢᠨᠠᠭᠤᠷ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠢᠮᠠᠳᠤᠭᠠᠷ ᠤᠳᠠᠭᠠᠨ ᠤ ᠬᠤᠷᠠᠯᠳᠤᠭᠠᠨ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠳᠤᠮᠳᠠ ᠬᠥᠰᠢᠭᠡ ᠪᠠᠨ ᠰᠡᠬᠦᠪᠡ᠃ ᠪᠥᠬᠦ ᠪᠠᠯᠭᠠᠰᠤᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢ᠂ ᠰᠤᠯᠠ ᠣᠷᠣᠯᠴᠠᠭᠰᠠᠳ᠂ ᠪᠥᠬᠦ ᠪᠠᠯᠭᠠᠰᠤᠨ ᠤ ᠠᠷᠠᠳ ᠣᠯᠠᠨ ᠤ ᠨᠠᠨᠳᠢᠨ ᠬᠦᠰᠡᠯ ᠢ ᠠᠴᠢᠶᠠᠯᠠᠨ ᠨᠢᠭᠡᠨ ᠲᠠᠩᠬᠢᠮ ᠳᠤ ᠴᠤᠭᠯᠠᠷᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠠᠮᠲᠤᠪᠠᠷ ᠡᠷᠢᠯᠬᠢᠯᠡᠵᠦ᠂ ᠬᠥᠭᠵᠢᠯᠲᠡ ᠶᠢᠨ ᠠᠤᠭ᠎ᠠ ᠲᠥᠰᠦᠪ ᠢ ᠬᠠᠮᠲᠤᠪᠠᠷ ᠵᠢᠷᠤᠭᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠶᠢᠨ ᠯᠢᠶᠠᠩ ᠨᠥᠬᠦᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠶᠢᠨ ᠯᠢᠶᠠᠩ ᠴᠢᠬᠤᠯᠠᠴᠢᠯᠠᠭᠰᠠᠨ ᠨᠢ᠂ ᠨᠢᠭᠡ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠪᠠᠯᠭᠠᠰᠤᠨ ᠤ ᠨᠠᠮ ᠤᠨ ᠬᠤᠷᠢᠶ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠬᠤ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ᠃ ᠬᠤᠶᠠᠷ ᠲᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠥᠬᠦᠵᠦ ᠰᠣᠩᠭᠤᠬᠤ ᠶᠢᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠪᠠ ᠬᠢᠨᠠᠯᠲᠠ ᠲᠠᠯᠪᠢᠬᠤ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ︽ᠠᠷᠪᠠ ᠶᠢ ᠴᠢᠩᠭ᠎ᠠ ᠴᠠᠭᠠᠵᠠᠯᠠᠬᠤ︾ ᠬᠤᠯᠪᠣᠭᠳᠠᠯ ᠪᠦᠬᠦᠢ ᠠᠭᠤᠯᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠰᠠᠬᠢᠯᠭ᠎ᠠ ᠪᠠᠲᠤ ᠪᠠ ᠶᠣᠰᠣ ᠳᠦᠷᠢᠮ ᠢ ᠦᠨᠡᠨᠬᠦ ᠲᠡᠷᠢᠭᠦᠨ ᠳᠤ ᠲᠠᠯᠪᠢᠵᠤ᠂ ᠰᠣᠩᠭᠤᠭᠤᠯᠢ ᠶᠢᠨ ᠶᠠᠪᠤᠴᠠ ᠳᠤ ᠲᠥᠪ ᠪᠤᠰᠤ ᠰᠤᠷᠲᠠᠯ ᠭᠠᠷᠬᠤ ᠶᠢ ᠡᠷᠡᠰ ᠬᠤᠷᠢᠭᠯᠠᠵᠤ᠂ ᠰᠣᠩᠭᠤᠭᠤᠯᠢ ᠶᠢᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠠᠭᠠᠨ ᠰᠠᠭᠤᠷᠢᠯᠠᠨ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠭᠤᠤᠯᠳᠠᠯᠭ᠎ᠠ᠂ ᠠᠵᠢᠯ ᠤᠨ ᠬᠦᠴᠢᠷᠳᠡᠯ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠢ ᠴᠢᠩᠭ᠎ᠠ ᠠᠩᠬᠠᠷᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠠᠭᠤᠷᠢᠨ ᠭᠠᠵᠠᠷ ᠢᠶᠠᠷ ᠠᠴᠢᠶᠠᠯᠠᠪᠤᠷᠢ ᠪᠣᠯᠭᠠᠨ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠲᠥᠷᠥᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃      ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠠᠴᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠪᠠ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ ᠳᠡᠮᠵᠢᠯᠭᠡ ᠳᠤᠤᠷ᠎ᠠ᠂ ᠪᠥᠬᠦ ᠪᠠᠯᠭᠠᠰᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠱᠤᠭᠤᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠪᠠ ᠡᠯ᠎ᠡ ᠱᠠᠲᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠪᠠᠲᠤ ᠡᠵᠡᠮᠳᠡᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠤᠷ ᠲᠦᠪᠰᠢᠨ ᠲᠣᠭᠲᠠᠭᠤᠨ᠂ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠡᠯ᠎ᠡ ᠲᠥᠷᠥᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠠᠵᠤ ᠠᠬᠤᠶ ᠶᠢᠨ ᠡᠷᠭᠢᠯᠲᠡ ᠲᠣᠭᠲᠠᠭᠤᠨ ᠢᠶᠠᠷ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠶ ᠲᠣᠭᠲᠠᠭᠤᠨ ᠪᠠᠶᠢᠪᠠ᠃      2024 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠳᠤ᠂ ᠠᠮᠢ ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃      ᠥᠩᠭᠡᠷᠡᠭᠰᠡᠨ ᠨᠢᠭᠡ ᠵᠢᠯ ᠳᠤ᠂ ᠠᠵᠤ ᠦᠢᠯᠡᠰ ᠤᠨ ᠬᠥᠭᠵᠢᠯᠲᠡ ᠪᠠᠨ ᠦᠷᠭᠦᠯᠵᠢᠯᠡᠨ ᠰᠠᠶᠢᠵᠢᠷᠠᠭᠤᠯᠪᠠ᠃      ᠥᠩᠭᠡᠷᠡᠭᠰᠡᠨ ᠨᠢᠭᠡ ᠵᠢᠯ ᠳᠤ᠂ ᠮᠠᠯᠵᠢᠬᠤ ᠣᠷᠣᠨ ᠤ ᠰᠠᠭᠤᠷᠢ ᠪᠦᠳᠦᠭᠡᠨ ᠪᠠᠶᠢᠭᠤᠯᠤᠯᠲᠠ ᠶᠢ  ᠦᠷᠭᠦᠯᠵᠢᠯᠡᠨ ᠴᠢᠩᠭᠠᠳᠬᠠᠪᠠ᠃      ᠥᠩᠭᠡᠷᠡᠭᠰᠡᠨ ᠨᠢᠭᠡ ᠵᠢᠯ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠪᠠ᠃      ᠥᠩᠭᠡᠷᠡᠭᠰᠡᠨ ᠨᠢᠭᠡ ᠵᠢᠯ ᠳᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠦᠨᠡᠨᠬᠦ          ᠴᠢᠬᠤᠯᠠᠴᠢᠯᠠᠪᠠ᠃      ᠥᠩᠭᠡᠷᠡᠭᠰᠡᠨ ᠨᠢᠭᠡ ᠵᠢᠯ ᠳᠤ᠂ ᠨᠡᠶᠢᠭᠡᠮ ᠤᠨ ᠵᠠᠰᠠᠯᠲᠠ ᠨᠡᠩ ᠶᠡᠭᠡ ᠦᠷ᠎ᠡ ᠪᠦᠲᠦᠮᠵᠢ ᠲᠠᠢ ᠪᠣᠯᠪᠠ᠃      ᠥᠩᠭᠡᠷᠡᠭᠰᠡᠨ ᠨᠢᠭᠡ ᠵᠢᠯ ᠳᠤ᠂ ᠵᠠᠰᠠᠭ  ᠤᠨ ᠣᠷᠳᠤᠨ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃      2025 ᠣᠨ ᠤ ᠠᠵᠢᠯ ᠤᠨ ᠬᠠᠷᠠᠯᠲᠠ      ᠪᠦᠬᠦ ᠬᠦᠴᠦᠨ ᠢᠶᠠᠷ ᠢᠶᠠᠨ ᠠᠮᠢ ᠠᠬᠤᠢ ᠶᠢ ᠬᠠᠮᠠᠭᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃        ᠪᠦᠬᠦ ᠬᠦᠴᠦᠨ ᠢᠶᠠᠷ ᠢᠶᠠᠨ ᠬᠡᠯᠪᠡᠷᠢ ᠪᠠᠨ ᠬᠤᠪᠢᠷᠠᠭᠤᠯᠤᠨ᠂ ᠪᠦᠲᠦᠴᠡ ᠶᠢ ᠲᠣᠬᠢᠷᠠᠭᠤᠯᠵᠤ᠂ ᠮᠠᠯ ᠠᠵᠤ ᠠᠬᠤᠢ ᠶᠢ ᠨᠠᠷᠢᠯᠢᠭᠵᠢᠭᠤᠯᠤᠨ ᠰᠢᠯᠢᠳᠡᠭᠵᠢᠭᠦᠯᠬᠦ ᠶᠢ ᠠᠬᠢᠭᠤᠯᠤᠨ᠎ᠠ᠃      ᠪᠦᠬᠦ ᠬᠦᠴᠦᠨ ᠢᠶᠠᠷ ᠢᠶᠠᠨ ᠳᠠᠪᠠᠭᠤᠯᠢᠭ ᠢᠶᠠᠨ ᠨᠡᠮᠡᠭᠳᠡᠭᠦᠯᠵᠦ᠂ ᠲᠤᠲᠠᠭᠲᠠᠯ ᠢᠶᠠᠨ ᠨᠥᠬᠦᠪᠥᠷᠢᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ ᠠᠬᠢᠭᠤᠯᠤᠨ᠎ᠠ᠃᠂      ᠪᠦᠬᠦ ᠬᠦᠴᠦᠨ ᠢᠶᠠᠷ ᠢᠶᠠᠨ ᠳᠠᠪᠠᠭᠤᠯᠢᠭ ᠢᠶᠠᠨ ᠪᠠᠳᠠᠷᠠᠭᠤᠯᠤᠨ᠂ ᠲᠤᠲᠠᠭᠳᠠᠯ ᠢᠶᠠᠨ ᠨᠥᠬᠦᠪᠥᠷᠢᠯᠡᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠮᠡᠳᠡᠷᠡᠮᠵᠢ ᠶᠢ ᠳᠡᠭᠡᠭᠰᠢᠯᠡᠭᠦᠯᠦᠨ᠎ᠡ᠃        ᠪᠦᠬᠦ ᠬᠦᠴᠦᠨ ᠢᠶᠠᠷ ᠢᠶᠠᠨ ᠠᠮᠤᠷ ᠲᠦᠪᠰᠢᠨ ᠢ ᠪᠠᠲᠤᠯᠠᠨ᠂ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ᠎ᠠ᠃      ᠰᠢᠨ᠎ᠡ ᠬᠦᠰᠡᠯ ᠡᠷᠡᠮᠡᠯᠵᠡᠯ ᠨᠢ ᠰᠢᠨ᠎ᠡ ᠠᠶᠠᠨ ᠢ ᠬᠥᠲᠥᠯᠥᠨ ᠳᠠᠭᠠᠭᠤᠯᠵᠤ᠂ ᠰᠢᠨ᠎ᠡ ᠵᠢᠳᠬᠦᠯ ᠴᠢᠷᠮᠠᠶᠢᠯᠭ᠎ᠠ  ᠨᠢ ᠰᠢᠨ᠎ᠡ ᠭᠡᠷᠡᠯ ᠰᠠᠴᠤᠷᠠᠩᠭᠤᠶ ᠠᠮᠵᠢᠯᠲᠠ ᠶᠢ ᠡᠭᠦᠳᠦᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠲᠦᠮᠵᠢᠲᠡᠶ ᠬᠢᠨᠠᠯᠲᠠ ᠳᠤᠤᠷ᠎ᠠ᠂ ᠪᠥᠬᠦ ᠪᠠᠯᠭᠠᠰᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠲᠦᠰᠢᠭᠯᠡᠵᠦ᠂ ︽ᠭᠠᠪᠰᠢᠭᠠᠶᠢᠯᠠᠬᠤ︾ ᠵᠣᠷᠢᠭ ᠰᠠᠨᠠᠭ᠎ᠠ᠂ ︽ᠡᠭᠦᠳᠦᠨ ᠪᠦᠲᠦᠭᠡᠬᠦ︾ ᠵᠣᠷᠢᠭ᠂     ︽ᠠᠵᠢᠯᠯᠠᠬᠤ︾ ᠰᠤᠷᠲᠠᠯ ᠢᠶᠠᠷ᠂ ᠰᠠᠶᠢᠨ ᠰᠠᠶᠢᠬᠠᠨ ᠵᠢᠷᠤᠭ ᠲᠥᠰᠦᠪ ᠢ ᠯᠠᠪᠳᠠᠭᠤᠨ ᠪᠠᠲᠤᠲᠠᠶ ᠪᠠᠷ ᠪᠣᠳᠠᠲᠤ ᠠᠬᠤᠶ ᠪᠣᠯᠭᠠᠨ ᠬᠤᠪᠢᠷᠠᠭᠤᠯᠵᠤ᠂ ᠡᠵᠢᠨᠠᠭᠤᠷ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︕      ᠪᠦᠬᠦ ᠲᠥᠯᠥᠭᠡᠯᠡᠭᠴᠢᠳ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠠᠳᠴᠢᠯᠠᠯ ᠤᠨ ᠡᠷᠬᠡ ᠪᠠᠨ ᠨᠠᠷᠢᠨ ᠬᠢᠨᠠᠮᠠᠭᠠᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠢᠯᠡᠳᠬᠡᠯ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠭᠦᠢᠴᠡᠳᠬᠡᠭᠰᠡᠨ ᠪᠠᠶᠢᠳᠠᠯ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠦᠨᠳᠦᠰᠦᠨ ᠪᠠᠶᠢᠳᠠᠯ ᠤᠨ ᠮᠡᠳᠡᠭᠦᠯᠦᠯᠲᠡ᠂ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ ᠬᠢᠨᠠᠨ ᠵᠥᠪᠯᠡᠪᠡ᠃      ᠪᠦᠬᠦ ᠲᠥᠯᠥᠭᠡᠯᠡᠭᠴᠢᠳ ︽ᠨᠢᠭᠡ ᠭᠤᠣᠯ ᠱᠤᠭᠤᠮ︾ ᠢ ᠲᠤᠤᠱᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠶᠢᠨ ᠲᠣᠭᠤᠷᠢᠨ ᠳᠤ ᠪᠤᠳᠤᠯ ᠢᠶᠠᠨ ᠠᠭᠤᠵᠢᠷᠠᠲᠠᠯ᠎ᠠ ᠶᠠᠷᠢᠵᠤ᠂ ᠠᠷᠭ᠎ᠠ ᠤᠬᠠᠭᠠᠨ ᠭᠠᠷᠭᠠᠨ ᠰᠠᠨᠠᠯ ᠰᠠᠨᠠᠭᠤᠯᠭ᠎ᠠ ᠳᠤᠷᠠᠳᠴᠠᠢ᠃ ᠪᠢᠯᠧᠲ ᠥᠭᠴᠦ ᠰᠢᠢᠳᠪᠦᠷᠢ ᠭᠠᠷᠭᠠᠬᠤ ᠬᠡᠯᠪᠡᠷᠢ ᠪᠠᠷ ᠳᠠᠮᠵᠢᠭᠤᠯᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠨᠢᠭᠡ ᠶᠢ ᠪᠣᠶ ᠪᠣᠯᠭᠠᠪᠠ᠃      ᠬᠤᠷᠠᠯ ᠠᠴᠠ ᠡᠵᠢᠨᠠᠭᠤᠷ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠨᠢᠭᠡ ᠨᠡᠷ᠎ᠡ ᠶᠢ ᠬᠠᠤᠯᠢ ᠶᠣᠰᠣᠭᠠᠷ ᠰᠣᠩᠭᠤᠵᠤ᠂ ᠪᠥᠬᠦ ᠠᠷᠠᠳ ᠤᠨ ᠲᠥᠯᠥᠭᠡᠯᠡᠭᠴᠢᠳ ᠤᠨ ᠭᠡᠷᠡᠴᠢᠯᠡᠯ ᠳᠤᠤᠷ᠎ᠠ ᠣᠪᠣᠷ ᠢᠶᠠᠨ ᠢᠯᠡᠳᠬᠡᠨ ᠶᠠᠷᠢᠶ᠎ᠠ ᠲᠠᠯᠪᠢᠵᠤ ᠲᠥᠪ ᠴᠢᠩᠭ᠎ᠠ ᠪᠠᠷ ᠲᠠᠩᠭᠠᠷᠢᠭᠯᠠᠪᠠ᠃      ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ 2025 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ  ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠲᠦᠷᠭᠡᠨ ᠵᠠᠮ ᠳᠤ ᠣᠷᠣᠬᠤ ᠶᠢ ᠴᠢᠷᠮᠠᠶᠢᠨ ᠠᠬᠢᠭᠤᠯᠬᠤ ᠬᠡᠷᠡᠭᠲᠡᠶ᠃ ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠩ ᠥᠨᠳᠥᠷ ᠤᠯᠤᠰ ᠲᠦᠷᠦ ᠶᠢᠨ ᠵᠣᠭᠰᠣᠴᠠ ᠶᠢ ᠢᠯᠡᠷᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽123456︾᠂ ᠲᠥᠯᠥᠭᠡᠯᠡᠭᠴᠢᠳ ᠤᠨ ᠳᠤᠭᠤᠶᠢᠯᠠᠩ ᠤᠨ ︽415︾ ᠵᠡᠷᠭᠡ ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠭᠤᠤᠯᠳᠠᠯᠭᠠᠲᠤ ᠠᠵᠢᠯ ᠤᠨ ᠲᠣᠭᠤᠷᠢᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠨ᠂ ᠪᠡᠶ᠎ᠡ ᠪᠠᠷ ᠢᠶᠠᠨ ᠳᠠᠭᠤᠷᠢᠶᠠᠯ ᠪᠣᠯᠵᠣ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠤᠭ ᠵᠢᠪᠬᠤᠭ᠎ᠠ ᠶᠢ ᠢᠯᠡᠷᠡᠭᠦᠯᠵᠦ᠂ ᠲᠥᠯᠥᠭᠡᠯᠡᠭᠴᠢᠳ ᠤᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠬᠤᠶᠠᠷ ᠲᠤ᠂ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠭᠤᠣᠯ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠪᠥᠬᠦ ᠪᠠᠯᠭᠠᠰᠤᠨ ᠤ ᠬᠥᠭᠵᠢᠯᠲᠡ ᠶᠢᠨ ᠪᠣᠳᠠᠲᠤ ᠪᠠᠶᠢᠳᠠᠯ ᠢ ᠶᠡᠷᠦᠩᠬᠡᠶᠢᠯᠡᠨ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠬᠥᠭᠵᠢᠯᠲᠡ ᠶᠢᠨ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ  ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠭᠤᠷᠪᠠ ᠳᠤ᠂ ᠠᠷᠠᠳ ᠲᠦᠮᠡᠨ ᠢᠶᠠᠷ ᠦᠨᠳᠦᠰᠦ ᠪᠣᠯᠭᠠᠬᠤ ᠶᠢ ᠬᠢᠴᠢᠶᠡᠩᠭᠦ᠋ᠢᠯᠡᠨ ᠵᠢᠷᠤᠮᠯᠠᠵᠤ᠂ ᠣᠯᠠᠨ ᠲᠦᠮᠡᠨ ᠤ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ ︽ᠠᠷᠠᠳ ᠤᠨ ᠲᠥᠯᠥᠭᠡᠯᠡᠭᠴᠢ ᠶᠢᠨ ᠵᠣᠭᠤᠭᠳᠠᠬᠤ ᠥᠷᠥᠭᠡ︾ ᠵᠡᠷᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ  ᠰᠠᠭᠤᠷᠢᠨ ᠭᠠᠵᠠᠷ ᠢ ᠰᠠᠶᠢᠲᠤᠷ ᠠᠰᠢᠭᠯᠠᠵᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠡᠵᠡᠮᠰᠢᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠷᠠᠳ ᠣᠯᠠᠨ ᠤ ᠬᠤᠭᠤᠷᠣᠨᠳᠣᠬᠢ ︽ᠰᠡᠳᠬᠢᠯ ᠤᠨ          ᠬᠤᠯᠪᠣᠭ᠎ᠠ︾ ᠶᠢ ᠪᠥᠬᠦ ᠬᠦᠴᠦᠨ ᠢᠶᠠᠷ ᠰᠠᠶᠢᠲᠤᠷ ᠪᠠᠶᠢᠭᠤᠯᠬᠤ ᠬᠡᠷᠡᠭᠲᠡᠶ᠃      ᠡᠵᠢᠨᠠᠭᠤᠷ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠢᠮᠠᠳᠤᠭᠠᠷ ᠤᠳᠠᠭᠠᠨ ᠤ ᠬᠤᠷᠠᠯᠳᠤᠭᠠᠨ ᠪᠥᠬᠦ ᠲᠥᠯᠥᠭᠡᠯᠡᠭᠴᠢᠳ ᠵᠢᠴᠢ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ᠂ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠦᠷ ᠵᠢᠪᠬᠤᠯᠠᠩᠲᠤ ᠤᠯᠤᠰ ᠤᠨ ᠰᠦᠯᠡ ᠳᠠᠭᠤᠨ ᠤ ᠳᠤᠮᠳᠠ ᠤᠷᠤᠭᠰᠢᠲᠠᠶ ᠥᠨᠳᠥᠷᠯᠡᠪᠡ᠃      ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠰᠠᠨ ᠨᠢ ᠪᠥᠬᠦ ᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠥᠷᠭᠡᠨ ᠣᠯᠠᠨ ᠨᠠᠮ ᠤᠨ ᠭᠡᠰᠢᠭᠦᠨ᠂ ᠤᠳᠤᠷᠢᠳᠤᠯᠭ᠎ᠠ᠂ ᠺᠠᠳ᠋ᠷᠴᠤᠳ᠂ ᠪᠠᠯᠭᠠᠰᠤᠨ ᠤ ᠨᠠᠮ ᠤᠨ ᠬᠤᠷᠢᠶᠠᠨ ᠤ ᠪᠦᠯᠬᠦᠮᠳᠡᠯ ᠳᠠᠭᠠᠭᠤᠯᠭ᠎ᠠ ᠳᠤᠤᠷ᠎ᠠ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠣᠯᠠᠨ ᠤ ᠤᠬᠠᠭᠠᠨ ᠬᠠᠮᠲᠤ ᠶᠢᠨ ᠬᠦᠴᠦ ᠪᠠᠷ ᠬᠥᠭᠵᠢᠯᠲᠡ ᠶᠢ ᠰᠦᠪᠡᠭᠴᠢᠯᠡᠵᠦ᠂ ᠪᠥᠬᠦ ᠬᠦᠴᠦᠨ ᠢᠶᠠᠷ ᠢᠶᠠᠨ ᠬᠥᠭᠵᠢᠯᠲᠡ ᠶᠢ ᠠᠬᠢᠭᠤᠯᠵᠤ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠳᠠᠪᠰᠢᠯᠲᠠ ᠶᠢᠨ ᠮᠠᠶ᠋ᠢᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠪᠡ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号