4 ᠰᠠᠷ᠎ᠠ ᠶᠢᠨ 17 ᠤ ᠡᠳᠦᠷ᠂ ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭ᠎ᠠ ᠨᠤᠭᠤᠭᠠᠨ ᠳᠠᠷᠤᠰᠢ | ᠲᠠᠷᠬᠠᠭᠠᠬᠤ ᠠᠵᠢᠯᠯᠠᠭ᠎ᠠ ᠶᠠᠪᠤᠭᠳᠠᠭᠤᠯᠵᠤ᠂ ᠲᠣᠰ ᠤᠳᠠᠭᠠᠨ ᠤ ᠲᠥᠯᠥᠪᠦᠷᠢ ᠥᠬᠡᠶ ᠨᠤᠭᠤᠭᠠᠨ ᠳᠠᠷᠤᠰᠢ | ᠲᠠᠷᠬᠠᠭᠠᠬᠤ ᠠᠵᠢᠯᠯᠠᠭ᠎ᠠ ᠳᠤ ᠨᠡᠶᠢᠲᠡ 240 ᠡᠷᠦᠬᠡ ᠶᠢᠨ ᠮᠠᠯᠴᠢᠳ ᠠᠰᠢᠭ ᠭᠥᠷᠳᠡᠵᠦ᠂ ᠡᠷᠦᠬᠡ ᠪᠦᠷᠢ ᠳᠤᠮᠳᠠᠴᠢ | ᠪᠠᠷ 2.5 ᠲᠣᠨ ᠨᠤᠭᠤᠭᠠᠨ ᠳᠠᠷᠤᠰᠢ ᠬᠤᠪᠢᠶᠠᠷᠢᠯᠠᠨ ᠤᠯᠤᠭᠰᠠᠨ ᠪᠠᠶᠢᠨ᠎ᠠ᠃ | ᠬᠠᠷᠠᠭᠠᠲᠤ ᠭᠠᠴᠠᠭᠠᠨ ᠤ ᠬᠤᠶᠠᠷ ᠵᠥᠪᠯᠡᠯ ᠨᠢ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠤᠨ ᠬᠡᠷᠡᠭᠴᠡᠭᠡ | ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠪᠠᠶᠢᠭᠤᠯᠤᠯᠲᠠ ᠶᠢᠨ ᠭᠤᠤᠯᠯᠠᠬᠤ ᠦᠶᠯᠡᠳᠦᠯ ᠢ ᠪᠠᠳᠠᠷᠠᠭᠤᠯᠵᠤ᠂ | ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠮᠠᠯᠴᠢᠳ ᠤᠨ ᠮᠠᠯ ᠤᠨ ᠲᠡᠵᠢᠭᠡᠯ ᠪᠣᠷᠳᠣᠭᠠᠨ ᠤ ᠬᠠᠩᠭᠠᠯᠭ᠎ᠠ ᠶᠢᠨ | ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠨᠠᠮ ᠤᠨ ᠡᠭᠦᠷ ᠢᠳᠡᠪᠬᠢᠲᠡᠶ ᠬᠥᠳᠡᠯᠦᠯᠴᠡᠵᠦ᠂ ᠭᠦᠨᠵᠡᠭᠡᠶ ᠪᠠᠶᠢᠴᠠᠭᠠᠨ | ᠰᠤᠳᠤᠯᠤᠯᠲᠠ ᠬᠢᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠠᠷ 600 ᠲᠣᠨ ᠨᠣᠭᠤᠭᠠᠨ | ᠳᠠᠷᠤᠰᠢ ᠬᠤᠳᠠᠯᠳᠤᠨ ᠠᠪᠴᠤ᠂ ᠦᠨ᠎ᠡ ᠲᠥᠯᠥᠪᠦᠷᠢ ᠥᠬᠡᠶ ᠪᠠᠷ ᠭᠠᠴᠠᠭᠠᠨ ᠤ ᠪᠠᠨ ᠮᠠᠯᠵᠢᠬᠤ ᠡᠷᠦᠬᠡ ᠳᠤ | ᠲᠦᠭᠡᠭᠡᠵᠦ ᠥᠭᠴᠡᠶ᠃ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠨᠠᠮ ᠤᠨ ᠭᠡᠰᠢᠭᠦᠳ | ᠦᠪᠡᠷ ᠤᠨ ᠪᠡᠶ᠎ᠡ ᠪᠠᠷ ᠢᠶᠠᠨ ᠳᠠᠭᠤᠷᠢᠶᠠᠯ ᠦᠵᠡᠭᠦᠯᠵᠦ᠂ ᠨᠤᠭᠤᠭᠠᠨ ᠳᠠᠷᠤᠰᠢ ᠶᠢ ᠲᠣᠬᠢᠷᠠᠭᠤᠯᠬᠤ ᠪᠠ ᠲᠠᠷᠬᠠᠭᠠᠬᠤ | ᠠᠵᠢᠯ ᠳᠤ ᠲᠦᠷᠦᠭᠦᠯᠡᠨ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠦᠶᠯᠡᠳᠦᠯ ᠢ ᠪᠠᠳᠠᠷᠠᠭᠤᠯᠵᠠᠢ᠃ | ᠠᠬᠤᠢ ᠲᠠᠯᠠᠪᠠᠢ ᠳᠤ᠂ ᠠᠵᠢᠯᠲᠠᠳ ᠠᠴᠠ ᠪᠠᠰᠠ ᠮᠠᠯᠴᠢᠳ ᠲᠤ ᠪᠡᠯᠴᠢᠭᠡᠷ ᠰᠡᠷᠭᠦᠭᠡᠬᠦ ᠠᠵᠢᠯ ᠤᠨ ᠠᠮᠢ | ᠠᠬᠤᠶ ᠶᠢᠨ ᠬᠠᠮᠠᠭᠠᠯᠠᠯᠲᠠ ᠳᠤ ᠦᠵᠡᠭᠦᠯᠬᠦ ᠴᠢᠬᠤᠯᠠ ᠴᠢᠨᠠᠷ ᠢ ᠬᠦᠯᠢᠴᠡᠩᠭᠦᠢ ᠪᠠᠷ ᠲᠠᠶᠢᠯᠪᠤᠷᠢᠯᠠᠵᠤ᠂ ᠨᠤᠲᠤᠭ | ᠪᠡᠯᠴᠢᠭᠡᠷ ᠢ ᠬᠠᠮᠲᠤ ᠪᠠᠷ ᠰᠠᠬᠢᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ |