ᠤᠯᠠᠭᠠᠨᠮᠥ᠋ᠴᠢᠷ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠭᠡᠰᠢᠭᠦᠳ ᠤᠨ ᠲᠤᠰᠬᠠᠶ ᠮᠡᠷᠭᠡᠵᠢᠯ | ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠦᠨ᠂ ᠵᠣᠬᠢᠶᠠᠨ ᠪᠦᠲᠦᠭᠡᠬᠦ ᠢᠳᠡᠪᠬᠢᠵᠢᠯ ᠢ ᠭᠦᠶᠴᠡᠳ ᠳᠠᠶᠢᠴᠢᠯᠠᠬᠤ | ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ 《 ᠤᠷᠢᠵᠤ ᠠᠪᠴᠢᠷᠠᠬᠤ 》 ᠪᠠ | 《 ᠶᠠᠪᠤᠵᠦ ᠰᠤᠷᠤᠯᠴᠠᠬᠤ 》 ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ 2025 ᠣᠨ ᠤ 4 ᠳ᠋ᠦ᠋ᠭᠡᠷ | ᠰᠠᠷ᠎ᠠ ᠶᠢᠨ 7 ᠤ ᠡᠳᠦᠷ ᠠᠴᠠ 16 ᠤ ᠡᠳᠦᠷ ᠪᠣᠯᠲᠠᠯ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠰᠣᠶᠣᠯ ᠬᠢᠭᠡᠳ ᠺᠢᠨᠣ᠋ ᠤᠷᠠᠯᠢᠭ ᠤᠨ ᠰᠠᠯᠪᠤᠷᠢ ᠶᠢᠨ ᠳᠠᠭᠤᠤ ᠬᠥᠭᠵᠢᠮ ᠵᠢᠭᠠᠨ ᠰᠤᠳᠤᠯᠬᠤ | ᠲᠠᠰᠤᠭ ᠤᠨ ᠡᠷᠬᠢᠯᠡᠭᠴᠢ ᠪᠠᠶᠠᠨᠨᠠᠮᠤᠷ ᠪᠠᠭᠰᠢ ᠶᠢ ᠣᠨᠴᠠᠭᠠᠶᠢᠯᠠᠨ ᠤᠷᠢᠵᠤ᠂ ᠳᠠᠭᠤᠯᠠᠬᠤᠶ ᠶᠢᠨ ᠵᠣᠬᠢᠶᠠᠨ | ᠪᠦᠲᠦᠭᠡᠯᠭᠡ᠂ ᠨᠠᠶᠢᠷᠠᠯ ᠳᠠᠭᠤᠤ ᠶᠢᠨ ᠲᠣᠭᠤᠷᠢᠨ ᠳᠤ ᠪᠥᠬᠦ ᠭᠡᠰᠢᠭᠦᠳ ᠲᠤ 10 ᠡᠳᠦᠷ ᠤᠨ ᠬᠤᠭᠤᠴᠠᠭ᠎ᠠ ᠲᠠᠢ | ᠪᠣᠯᠪᠠᠰᠤᠷᠠᠯ ᠬᠦᠷᠲᠡᠭᠡᠪᠡ ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠤᠯᠠᠭᠠᠨᠮᠥ᠋ᠴᠢᠷ ᠤᠨ ᠭᠡᠰᠢᠭᠦᠳ ᠤᠨ ᠲᠠᠭᠤᠨ ᠬᠥᠭᠵᠢᠮ | ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ ᠵᠣᠬᠢᠶᠠᠨ ᠪᠦᠲᠦᠭᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠰᠠᠶᠢᠲᠤᠷ ᠦᠶᠯᠡᠴᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠪᠠ ᠃ | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠬᠤᠰᠢᠭᠤ ᠤᠯᠠᠭᠠᠨᠮᠥ᠋ᠴᠢᠷ ᠲᠣᠰ ᠤᠳᠠᠭᠠᠨ ᠤ | ᠪᠣᠯᠪᠠᠰᠤᠷᠠᠯ ᠲᠡᠭᠦᠰᠦᠭᠰᠡᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢ ᠠᠮᠵᠢᠯᠲᠠ ᠲᠠᠢ ᠡᠷᠭᠢᠯᠡᠵᠦ᠂ ᠬᠤᠰᠢᠭᠤ | ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ | ᠤᠯᠠᠭᠠᠨᠮᠥ᠋ᠴᠢᠷ ᠤᠨ ᠬᠢᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢ ᠰᠣᠨᠢᠷᠬᠠᠪᠠ ᠃ | |