4 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠪᠠᠭᠠᠨ᠎ᠠ ᠬᠠᠮᠲᠤ ᠶᠠᠪᠣᠭᠰᠠᠳ ᠲᠠᠢ ᠪᠠᠨ ᠬᠠᠳᠠᠪᠴᠢ ᠪᠠᠯᠭᠠᠰᠤᠨ ᠳᠤ | ᠭᠦᠨᠵᠡᠭᠡᠶᠢᠷᠡᠨ ᠦᠨᠳᠦᠰᠦᠨ ᠱᠠᠲᠤᠨ ᠤ ᠨᠢᠭᠡᠳᠦᠮᠡᠯ ᠹᠷᠣᠨᠲ᠂ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠵᠤ | ᠵᠢᠭᠠᠨ ᠵᠢᠯᠤᠭᠤᠳᠪᠠ᠃ ᠬᠠᠳᠠᠪᠴᠢ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠪᠠᠷ᠎ᠠ | ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠱᠠᠩᠳᠦ ᠭᠠᠴᠠᠭᠠᠨ ᠤ ᠬᠢᠯᠢ | ᠬᠢᠵᠠᠭᠠᠷ ᠢᠶᠠᠨ ᠰᠠᠬᠢᠵᠤ ᠬᠢᠯᠢ ᠬᠢᠵᠠᠭᠠᠷ ᠢᠶᠠᠨ ᠪᠠᠬᠢᠵᠢᠭᠦᠯᠵᠦ ᠬᠠᠮᠲᠤ ᠪᠠᠷ ᠪᠠᠶᠢᠭᠤᠯᠤᠭᠰᠠᠨ ᠵᠢᠱᠢᠶ᠎ᠡ ᠦᠵᠡᠭᠦᠯᠬᠦ | ᠴᠡᠭ᠂ ᠬᠠᠳᠠᠪᠴᠢ ᠪᠠᠯᠭᠠᠰᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠦᠵᠡᠭᠦᠯᠦᠯᠭᠡ ᠶᠢᠨ ᠲᠢᠩᠬᠢᠮ ᠵᠡᠷᠭᠡ ᠭᠠᠵᠠᠷ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠬᠦ᠂ ᠲᠠᠶᠢᠯᠤᠮᠵᠢ ᠰᠣᠨᠣᠰᠬᠤ᠂ ᠤᠬᠠᠭᠤᠯᠭ᠎ᠠ ᠶᠢᠨ ᠹᠢᠯᠢᠮ ᠦᠵᠡᠬᠦ ᠵᠡᠷᠭᠡ ᠠᠷᠭ᠎ᠠ ᠬᠡᠯᠪᠡᠷᠢ ᠪᠠᠷ ᠡᠯ᠎ᠡ ᠵᠢᠱᠢᠶ᠎ᠡ | ᠦᠵᠡᠭᠦᠯᠬᠦ ᠴᠡᠭ ᠤᠨ ᠪᠦᠳᠦᠭᠡᠨ ᠪᠠᠶᠢᠭᠤᠯᠤᠯᠲᠠ᠂ ᠠᠭᠤᠷ ᠠᠮᠢᠰᠬᠤᠯ ᠢ ᠪᠤᠢ ᠪᠣᠯᠭᠠᠬᠤ᠂ ᠠᠵᠢᠯᠯᠠᠭ᠎ᠠ | ᠥᠷᠨᠢᠭᠦᠯᠦᠭᠰᠡᠨ ᠵᠢᠴᠢ ᠤᠨᠴᠠᠯᠢᠬᠳᠤ ᠬᠢᠯᠠᠰ ᠴᠡᠭ ᠢ ᠴᠣᠭᠴᠠᠯᠠᠬᠤ ᠵᠡᠷᠭᠡ ᠲᠠᠯ᠎ᠠ ᠶᠢᠨ ᠪᠠᠶᠢᠳᠠᠯ ᠢ ᠨᠠᠷᠢᠨ | ᠣᠶᠢᠯᠠᠭᠠᠪᠠ᠃ | ᠠᠯᠲᠠᠨᠪᠠᠭᠠᠨ᠎ᠠ ᠴᠢᠬᠤᠴᠢᠯᠡᠭᠰᠡᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ | ᠠᠰᠢᠭᠲᠠᠢ ᠡᠬᠢ ᠪᠠᠶᠠᠯᠢᠭ ᠢ ᠨᠡᠶᠢᠳᠬᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠤᠳᠠᠭᠠᠨ ᠳᠠᠭᠠᠭᠠᠮᠠᠭᠠᠢ ᠪᠠᠷ | ᠠᠬᠢᠭᠤᠯᠬᠤ ᠬᠡᠷᠡᠭᠲᠡᠢ︔ ᠡᠯ᠎ᠡ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠬᠤ ᠰᠣᠶᠣᠯ ᠢᠷᠭᠡᠨᠰᠢᠯ ᠤᠨ | ᠲᠡᠦᠬᠡ᠂ ᠰᠣᠶᠣᠯ ᠤᠨ ᠣᠨᠴᠠᠯᠢᠭ ᠢ ᠭᠦᠢᠴᠡᠳ ᠠᠭᠤᠳᠠᠯᠵᠤ᠂ ᠬᠢᠯᠠᠰ ᠴᠡᠭ ᠤᠨ ᠣᠨᠴᠠᠯᠢᠭ ᠢ ᠤᠯᠠᠮ ᠴᠢᠨᠠᠭᠰᠢᠳᠠ | ᠪᠣᠯᠪᠠᠰᠤᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ︔ | ᠤᠬᠠᠭᠤᠯᠭ᠎ᠠ ᠬᠥᠮᠦᠵᠢᠯ ᠪᠣᠯᠤᠨ ᠠᠭᠤᠷ ᠠᠮᠢᠰᠬᠤᠯ ᠢ ᠪᠤᠢ ᠪᠣᠯᠭᠠᠬᠤ ᠶᠢ ᠳᠤᠪᠤᠶᠢᠯᠭᠠᠵᠤ᠂ ᠤᠯᠠᠨ ᠠᠷᠭ᠎ᠠ ᠵᠠᠮ᠂ | ᠤᠯᠠᠨ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠭᠡᠨ ᠢᠶᠠᠷ | ᠤᠬᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠶᠢᠯᠠᠭᠠᠬᠤ ᠬᠡᠮᠵᠢᠶ᠎ᠡ ᠪᠣᠯᠤᠨ ᠣᠷᠣᠯᠴᠠᠬᠤ | ᠨᠤᠷᠮ᠎ᠠ ᠶᠢ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯᠯᠠᠭ᠎ᠠ ᠶᠢᠨ ᠭᠦᠨᠴᠡ ᠪᠣᠯᠤᠨ ᠥᠷᠭᠡᠴᠡ ᠶᠢ | ᠥᠷᠭᠡᠳᠬᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ | ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ |