ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶᠳᠪᠦᠷᠢᠯᠡᠬᠦ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠰᠡᠮᠠᠢ ᠰᠤᠮᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ | ᠶᠢᠨ ᠲᠥᠯᠥᠭᠡ᠂ ᠰᠤᠮᠤ ᠣᠷᠣᠨ ᠤ ᠠᠩᠬᠠᠳᠠᠭᠴᠢ ᠪᠠᠷᠢᠮᠵᠢᠶᠠᠵᠢᠭᠤᠯᠤᠭᠰᠠᠨ ᠬᠤᠭ ᠨᠣᠪᠰᠢ ᠶᠢ ᠰᠢᠲᠠᠭᠠᠨ | ᠰᠢᠶᠳᠪᠦᠷᠢᠯᠡᠬᠦ ᠲᠥᠬᠦᠭᠡᠷᠦᠮᠵᠢ ᠶᠢ 4 ᠰᠠᠷ᠎ᠠ ᠶᠢᠨ 8 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ | ᠣᠶᠢᠷ᠎ᠠ ᠶᠢᠨ ᠵᠢᠯ ᠤᠳ ᠲᠤ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠪᠠ ᠰᠠᠭᠤᠭᠠᠯᠢ | ᠠᠷᠠᠳ ᠤᠨ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠬᠤᠭ ᠨᠣᠪᠰᠢ ᠭᠠᠷᠭᠠᠬᠤ ᠬᠡᠮᠵᠢᠶ᠎ᠡ | ᠡᠳᠦᠷ ᠢᠷᠡᠬᠦᠶ᠎ᠡ ᠨᠡᠮᠡᠭᠳᠡᠵᠦ᠂ ᠤᠯᠠᠮᠵᠢᠯᠠᠯᠲᠤ ᠰᠢᠶᠳᠪᠦᠷᠢᠯᠡᠬᠦ ᠠᠷᠭ᠎ᠠ ᠮᠠᠶ᠋ᠢᠭ ᠨᠢ ᠨᠢᠭᠡᠨᠲᠡ ᠬᠡᠷᠡᠭᠴᠡᠭᠡ ᠶᠢ | ᠬᠠᠩᠭᠠᠬᠤ ᠳᠤ ᠪᠡᠷᠬᠡ ᠪᠣᠯᠵᠠᠶ᠃ ᠡᠨᠡ ᠬᠦ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠬᠦ ᠶᠢᠨ ᠲᠥᠯᠥᠭᠡ᠂ | ᠰᠤᠮᠤᠨ ᠤ ᠵᠠᠰᠠᠭ ᠤᠨ ᠣᠷᠳᠣᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ | ᠵᠥᠪᠳᠡᠯᠴᠡᠵᠦ᠂ ᠬᠤᠭ ᠨᠣᠪᠰᠢ ᠶᠢ ᠴᠤᠭᠯᠠᠭᠤᠯᠬᠤ᠂ ᠰᠢᠯᠵᠢᠭᠦᠯᠦᠨ ᠲᠡᠭᠡᠭᠡᠪᠦᠷᠢᠯᠡᠬᠦ ᠪᠠ ᠰᠢᠶᠳᠪᠦᠷᠢᠯᠡᠬᠦ ᠰᠢᠰᠲ᠋ᠧᠮ | ᠢ ᠪᠠᠶᠢᠭᠤᠯᠤᠨ ᠲᠡᠭᠦᠯᠳᠡᠷᠵᠢᠭᠦᠯᠵᠦ᠂ ᠴᠡᠪᠡᠷᠯᠡᠭᠴᠢ ᠤᠷᠢᠵᠤ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠲᠣᠭᠤᠷᠢᠭ | ᠤᠨ ᠬᠤᠭ ᠨᠣᠪᠰᠢ ᠶᠢ ᠰᠢᠲᠠᠭᠠᠬᠤ ᠵᠤᠤᠬ᠎ᠠ ᠳᠤ ᠬᠦᠷᠭᠡᠨ ᠲᠥᠪᠯᠡᠷᠡᠭᠦᠯᠦᠨ ᠰᠢᠶᠳᠪᠦᠷᠢᠯᠡᠵᠦ᠂ ᠬᠤᠭ ᠨᠣᠪᠰᠢ ᠶᠢ | ᠰᠢᠶᠳᠪᠦᠷᠢᠯᠡᠬᠦ ᠠᠵᠢᠯ ᠤᠨ ᠥᠨᠳᠥᠷ ᠪᠦᠲᠦᠮᠵᠢᠲᠡᠶ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ | ᠠᠵᠢᠯᠴᠢᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ᠂ ᠲᠥᠬᠦᠭᠡᠷᠦᠮᠵᠢ ᠶᠢᠨ | ᠬᠠᠮᠠᠭᠠᠯᠠᠯᠲᠠ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠣᠲᠣ ᠨᠢᠭᠡᠨᠲᠡ ᠬᠤᠭ ᠨᠣᠪᠰᠢ ᠰᠢᠲᠠᠭᠠᠬᠤ ᠵᠤᠤᠬ᠎ᠠ ᠶᠢ | ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠂ ᠲᠣᠰ ᠰᠢᠲᠠᠭᠠᠬᠤ ᠵᠤᠤᠬ᠎ᠠ ᠨᠢ ᠲᠡᠷᠢᠭᠦᠨ ᠤ ᠥᠨᠳᠥᠷ ᠳᠤᠯᠠᠭᠠᠨ | ᠢᠶᠠᠷ ᠰᠢᠲᠠᠭᠠᠬᠤ ᠮᠡᠷᠭᠡᠵᠢᠯ ᠢ ᠬᠡᠷᠡᠭᠯᠡᠵᠦ᠂ ᠡᠳᠦᠷ ᠲᠤ 1 ᠲᠣᠨ ᠬᠤᠭ ᠨᠣᠪᠰᠢ ᠰᠢᠶᠳᠪᠦᠷᠢᠯᠡᠬᠦ ᠴᠢᠳᠠᠪᠤᠷᠢ ᠲᠠᠢ | ᠪᠠᠶᠢᠵᠤ᠂ ᠠᠮᠢᠳᠤᠷᠠᠯ ᠤᠨ ᠬᠤᠭ ᠨᠣᠪᠰᠢ᠂ ᠡᠩ ᠤᠨ ᠠᠵᠤ ᠦᠶᠯᠡᠳᠪᠦᠷᠢ ᠶᠢᠨ ᠬᠤᠭ ᠨᠣᠪᠰᠢ ᠵᠡᠷᠭᠡ ᠶᠢ ᠬᠤᠤᠷ | ᠥᠬᠡᠶᠢᠳᠡᠭᠦᠯᠦᠨ ᠰᠢᠶᠳᠪᠦᠷᠢᠯᠡᠵᠦ ᠴᠢᠳᠠᠨ᠎ᠠ᠃ ᠥᠨᠳᠥᠷ ᠳᠤᠯᠠᠭᠠᠨ ᠳᠤ ᠰᠢᠲᠠᠬᠤ᠂ ᠬᠤᠶᠠᠳᠠᠬᠢ ᠤᠳᠠᠭ᠎ᠠ | ᠬᠦᠴᠢᠯᠲᠥ᠋ᠷᠥᠭᠴᠢ ᠨᠡᠮᠡᠬᠦ᠂ ᠠᠦ᠋ᠲ᠋ᠣ᠋ ᠪᠠᠷ ᠰᠢᠭᠠᠷᠤ ᠪᠠᠭᠤᠯᠭᠠᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠪᠠᠷ | ᠳᠠᠮᠵᠢᠭᠤᠯᠤᠨ ᠬᠤᠭ ᠨᠣᠪᠰᠢ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠪᠦᠲᠦᠮᠵᠢᠲᠡᠶ ᠪᠠᠭᠠᠰᠬᠠᠵᠤ᠂ ᠬᠤᠭ | ᠨᠣᠪᠰᠢ ᠶᠢ ᠰᠢᠶᠳᠪᠦᠷᠢᠯᠡᠬᠦ《 ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶ | ᠪᠣᠯᠭᠠᠬᠤ 》ᠬᠠᠷᠠᠯᠲᠠ ᠶᠢ ᠪᠡᠶᠡᠯᠡᠭᠦᠯᠪᠡ᠃ | ᠬᠤᠭ ᠨᠣᠪᠰᠢ ᠰᠢᠲᠠᠭᠠᠬᠤ ᠵᠤᠤᠬ᠎ᠠ ᠶᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠪᠣᠯ ᠰᠤᠮᠤᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠪᠡᠯᠭᠡ ᠲᠡᠮᠳᠡᠭ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ | ᠰᠤᠮᠤᠨ ᠤ ᠵᠠᠰᠠᠭ ᠤᠨ ᠣᠷᠳᠣᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠠᠬᠢ | ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠰᠠᠭᠤᠭᠠᠯᠢ ᠠᠷᠠᠳ ᠢ ᠢᠳᠡᠪᠬᠢᠲᠡᠶ ᠪᠠᠷ ᠬᠥᠲᠥᠯᠥᠨ | ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠪᠣᠶ ᠪᠣᠯᠭᠠᠵᠤ᠂ ᠰᠠᠶᠢᠨ | ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠭᠠᠨ᠎ᠠ᠃ ᠡᠭᠦᠨ ᠤ ᠬᠠᠮᠲᠤ᠂ ᠬᠤᠭ ᠨᠣᠪᠰᠢ ᠰᠢᠶᠳᠪᠦᠷᠢᠯᠡᠬᠦ | ᠪᠡᠯᠡᠳᠬᠡᠮᠵᠢ ᠪᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠠᠩ ᠣᠯᠠᠨ | ᠰᠢᠨ᠎ᠡ ᠶᠢ ᠡᠭᠦᠳᠦᠭᠰᠡᠨ ᠬᠤᠭ ᠨᠣᠪᠰᠢ ᠰᠢᠶᠳᠪᠦᠷᠢᠯᠡᠬᠦ ᠠᠷᠭ᠎ᠠ ᠬᠡᠯᠪᠡᠷᠢ ᠶᠢ ᠰᠦᠪᠡᠭᠴᠢᠯᠡᠵᠦ᠂ ᠣᠷᠣᠰᠢᠨ ᠰᠠᠭᠤᠬᠤ | ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠨ᠎ᠠ᠃ |