4 ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠲᠤᠬᠠᠢ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ | ᠰᠠᠭᠠᠮᠠᠢ ᠨᠡᠶᠢᠭᠡᠮ ᠲᠣᠭᠤᠷᠢᠭ ᠤᠨ ᠭᠤᠷᠪᠠᠨ ᠨᠠᠮ ᠤᠨ ᠡᠭᠦᠷ ᠨᠢ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ | ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ | ᠲᠥᠪᠯᠡᠷᠡᠭᠦᠯᠦᠨ ᠰᠤᠷᠤᠯᠴᠠᠭᠤᠯᠵᠤ᠂ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠵᠤ᠂ | ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ | ᠣᠷᠴᠢᠨ ᠲᠣᠭᠤᠷᠢᠨ ᠢ ᠪᠤᠢ ᠪᠣᠯᠭᠠᠪᠠ᠃ | ᠰᠤᠷᠤᠯᠴᠠᠯᠭ᠎ᠠ ᠶᠢᠨ ᠬᠤᠷᠠᠯ ᠳᠤ᠂ ᠡᠯ᠎ᠡ ᠨᠠᠮ ᠤᠨ ᠡᠭᠦᠷ ᠤᠨ ᠱᠦᠵᠢ ᠲᠤᠰ ᠲᠤᠰ ᠨᠠᠮ ᠤᠨ ᠭᠡᠰᠢᠭᠦᠳ | ᠢᠶᠠᠨ ᠳᠠᠭᠠᠭᠤᠯᠵᠤ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ | ᠲᠡᠭᠦᠪᠦᠷᠢ︾ ᠶᠢ ᠦᠭᠡ ᠦᠰᠦᠭ ᠳᠠᠷᠠᠭᠠᠯᠠᠨ ᠰᠤᠳᠤᠯᠤᠨ ᠤᠩᠰᠢᠵᠤ᠂ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢᠨ ᠬᠦᠨᠳᠦ ᠨᠣᠴᠢᠲᠠᠢ ᠦᠷ᠎ᠡ ᠳ᠋ᠦᠩ ᠢ ᠭᠦᠨᠵᠡᠭᠡᠢ ᠵᠠᠳᠠᠯᠵᠤ᠂ ᠨᠠᠮ ᠤᠨ ᠭᠡᠰᠢᠭᠦᠨ ᠤ ᠰᠠᠬᠢᠯᠭ᠎ᠠ ᠪᠠᠲᠤ | ᠪᠣᠯᠣᠨ ᠶᠣᠰᠣ ᠳᠦᠷᠢᠮ ᠤᠨ ᠤᠬᠠᠮᠰᠠᠷ ᠢ ᠪᠦᠲᠦᠮᠵᠢᠲᠡᠢ ᠴᠢᠩᠭᠠᠳᠬᠠᠵᠠᠢ᠃ ᠨᠡᠶᠢᠭᠡᠮ ᠲᠣᠭᠤᠷᠢᠭ ᠤᠨ ᠠᠵᠢᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠭᠲᠠᠭᠠᠯ ᠤᠨ ᠱᠠᠭᠠᠷᠳᠠᠯᠭ᠎ᠠ ᠶᠢ ᠬᠡᠷᠬᠢᠨ ᠡᠳᠦᠷ ᠲᠤᠳᠤᠮ ᠤᠨ | ᠰᠠᠭᠤᠭᠠᠯᠢ ᠠᠷᠠᠳ ᠤᠨ ᠦᠢᠯᠡᠴᠢᠯᠡᠭᠡᠨ ᠤ ᠠᠵᠢᠯ ᠳᠤ ᠠᠭᠤᠰᠬᠠᠨ ᠣᠷᠣᠭᠤᠯᠬᠤ ᠲᠤᠬᠠᠢ ᠨᠠᠷᠢᠨ ᠲᠠᠶᠢᠯᠪᠤᠷᠢᠯᠠᠵᠤ᠂ | ᠨᠡᠶᠢᠭᠡᠮ ᠲᠣᠭᠤᠷᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ | ᠰᠢᠢᠳᠪᠦᠷᠢᠯᠡᠬᠦ ᠳᠡᠭᠡᠨ ᠬᠡᠯᠪᠡᠷᠢ ᠶᠢᠨ ᠦᠵᠡᠯ ᠢ ᠡᠷᠡᠰ ᠲᠡᠪᠴᠢᠵᠦ᠂ ᠰᠠᠭᠤᠭᠠᠯᠢ ᠠᠷᠠᠳ ᠤᠨ ᠪᠣᠳᠠᠲᠠᠢ ᠠᠰᠠᠭᠤᠳᠠᠯ ᠢ | ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠵᠡᠷᠭᠡᠪᠡᠷ᠂ ᠨᠠᠮ ᠤᠨ ᠭᠡᠰᠢᠭᠦᠳ ᠤᠨ | ᠨᠡᠶᠢᠭᠡᠮ ᠲᠣᠭᠤᠷᠢᠭ ᠤᠨ ᠠᠵᠢᠯ ᠤᠨ ᠳᠤᠮᠳᠠ ᠪᠠᠳᠠᠷᠠᠭᠤᠯᠪᠠᠰᠤ ᠵᠣᠬᠢᠬᠤ ᠬᠤᠰᠢᠭᠤᠴᠢ ᠵᠢᠱᠢᠶᠡᠴᠢ ᠦᠢᠯᠡᠳᠦᠯ ᠢ | ᠴᠢᠬᠤᠯᠠᠴᠢᠯᠠᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠵᠤ᠂ ᠰᠠᠭᠤᠭᠠᠯᠢ | ᠠᠷᠠᠳ ᠲᠤ ᠦᠢᠯᠡᠴᠢᠯᠡᠵᠦ᠂ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠶᠢ ᠵᠣᠷᠢᠭᠵᠢᠭᠤᠯᠪᠠ᠃ | ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠲᠥᠪ | ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠩ ᠭᠦᠨᠵᠡᠭᠡᠢ ᠤᠶᠢᠯᠠᠭᠠᠵᠤ᠂ | ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠡᠳᠦᠷ ᠳᠤᠳᠤᠮ ᠤᠨ ᠠᠵᠢᠯ ᠤᠨ ᠡᠯ᠎ᠡ ᠭᠤᠭᠴᠤᠭ᠎ᠠ ᠳᠤ ᠲᠤᠭᠤᠰᠢᠯᠠᠭᠤᠯᠤᠨ᠎ᠠ ᠭᠡᠵᠦ ᠢᠯᠡᠳᠬᠡᠵᠡᠭᠡᠪᠡ᠃ | ᠬᠤᠶᠢᠰᠢᠳᠠ ᠰᠠᠭᠠᠮᠠᠢ ᠨᠡᠶᠢᠭᠡᠮ ᠲᠣᠭᠤᠷᠢᠭ ᠨᠢ ᠰᠤᠷᠲᠠᠯ ᠤᠨ ᠪᠠᠶᠢᠭᠤᠯᠤᠯᠲᠠ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠬᠢᠨᠠᠯᠲᠠ ᠲᠠᠯᠪᠢᠬᠤ ᠲᠣᠭᠲᠠᠴᠠ ᠪᠠᠨ ᠲᠡᠭᠦᠯᠳᠡᠷᠵᠢᠭᠦᠯᠦᠨ᠂ ᠰᠤᠷᠤᠯᠴᠠᠯᠭ᠎ᠠ ᠰᠣᠯᠢᠯᠴᠠᠭᠠᠨ ᠤ | ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠳ ᠢ ᠬᠥᠲᠥᠯᠥᠨ | ᠵᠢᠯᠤᠭᠤᠳᠴᠤ ᠪᠠᠶᠢᠭᠠᠳ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠣᠯᠭᠠᠵᠤ᠂ ᠰᠠᠬᠢᠯᠭ᠎ᠠ | ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠭᠤᠯᠬᠤ ᠪᠠᠷ ᠪᠠᠶᠢᠨ᠎ᠠ᠃ ᠡᠭᠦᠨ ᠤ ᠵᠡᠷᠭᠡᠪᠡᠷ᠂ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ | ᠲᠠᠶᠢᠴᠢᠯᠠᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠳᠤ ᠬᠠᠮᠲᠤ ᠪᠠᠷ ᠤᠷᠤᠯᠴᠠᠵᠤ᠂ ᠡᠶ᠎ᠡ ᠵᠣᠬᠢᠴᠠᠯ ᠲᠠᠢ᠂ | ᠠᠷᠢᠭᠤᠨ ᠴᠢᠬᠡᠴᠢ᠂ ᠪᠣᠯᠪᠠᠰᠤᠨ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠤᠢ ᠪᠣᠯᠭᠠᠬᠤ ᠳᠤ ᠬᠦᠴᠦᠨ | ᠴᠢᠳᠠᠯ ᠢᠶᠠᠨ ᠡᠷᠭᠦᠨ᠎ᠡ᠃ |