ᠪᠥᠬᠦ ᠠᠷᠠᠳ ᠢᠶᠠᠷ ᠢᠶᠠᠨ ᠨᠡᠶᠢᠭᠡᠮ ᠤᠨ ᠠᠵᠢᠯ ᠤᠨ ᠡᠳᠦᠷ ᠢ ᠪᠡᠶᠡᠴᠢᠯᠡᠨ ᠣᠶᠢᠯᠠᠭᠠᠵᠤ᠂ ᠭᠠᠷ ᠬᠤᠯᠪᠣᠨ ︽ᠠᠷᠢᠭᠤᠨ ᠴᠡᠪᠡᠷ ᠰᠢᠨ᠎ᠡ ᠵᠢᠷᠤᠭ ᠲᠥᠷᠰᠤ︾ ᠶᠢ ᠵᠢᠷᠤᠭᠯᠠᠪᠠ
ᠨᠡᠶᠢᠲᠡᠯᠡᠭᠰᠡᠨ ᠴᠠᠭ᠄
2025/4/29
      ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠥᠯᠥᠭᠡ᠂ 3 ᠰᠠᠷ᠎ᠠ ᠶᠢᠨ 17 ᠤ ᠡᠳᠦᠷ᠂ ᠤᠯᠢᠶᠠᠰᠤᠲᠠᠢ ᠪᠠᠯᠭᠠᠰᠤ ᠨᠢ ᠬᠦᠴᠦᠨ ᠢᠶᠠᠨ ᠲᠥᠪᠯᠡᠷᠡᠭᠦᠯᠦᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ ᠰᠠᠶᠢᠨ ᠳᠤᠷ᠎ᠠ ᠶᠢᠨ ᠠᠵᠢᠯᠯᠠᠭᠴᠢ ᠵᠢᠴᠢ ᠪᠠᠯᠭᠠᠰᠤᠨ ᠤ ᠪᠠᠶᠢᠭᠤᠯᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠵᠠᠷᠭᠡ 200 ᠭᠠᠷᠤᠢ ᠬᠥᠮᠥᠨ ᠢ ᠢᠳᠡᠪᠬᠢᠲᠡᠢ ᠣᠷᠣᠯᠴᠠᠵᠤ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠪᠥᠬᠦ ᠠᠷᠠᠳ ᠤᠨ ᠨᠡᠶᠢᠭᠡᠮ ᠤᠨ ᠠᠵᠢᠯᠴᠢᠨ ᠤ ᠡᠳᠦᠷ ᠢ ᠤᠷᠢᠳᠴᠢᠯᠠᠨ ᠭᠥᠯᠢᠶᠠᠨ ᠠᠪᠴᠤ ᠪᠣᠳᠠᠲᠠᠢ ᠪᠥᠭᠡᠳ ᠪᠦᠲᠦᠮᠵᠢᠲᠡᠶ ᠪᠣᠯᠭᠠᠪᠠ᠃      ᠠᠵᠢᠯᠯᠠᠭᠠᠨ ᠤ ᠡᠬᠢᠨ ᠤ ᠬᠤᠭᠤᠴᠠᠭᠠᠨ ᠳᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠮᠪᠠᠢ ᠵᠣᠬᠢᠶᠠᠨ ᠪᠠᠶᠢᠭᠤᠯᠵᠤ᠂ ᠨᠠᠷᠢᠯᠢᠭ ᠪᠠᠶᠢᠷᠢᠯᠠᠭᠤᠯᠤᠨ᠂ ᠨᠠᠷᠢᠨ  ᠲᠥᠰᠥᠯ ᠲᠣᠭᠲᠠᠭᠠᠵᠤ᠂ ᠠᠵᠢᠯᠯᠠᠭᠠᠨ ᠳᠤ ᠤᠷᠤᠯᠴᠠᠬᠤ ᠬᠥᠮᠥᠨ᠂ ᠲᠡᠷᠭᠡ ᠬᠥᠰᠬᠡ ᠪᠠᠭᠠᠵᠢ ᠬᠡᠷᠡᠭᠰᠡᠯ᠂ ᠬᠠᠷᠢᠭᠤᠴᠠᠯᠭ᠎ᠠ ᠶᠢᠨ ᠣᠷᠣᠨ ᠪᠦᠰᠡ ᠶᠢ ᠲᠣᠳᠣᠷᠬᠠᠢ ᠪᠥᠭᠡᠳ ᠨᠠᠷᠢᠨ ᠨᠢᠮᠪᠠᠢ ᠬᠤᠪᠢᠶᠠᠷᠢᠯᠠᠨ ᠲᠤᠠᠠᠳᠠᠭᠠᠵᠤ᠂ ᠠᠵᠢᠯᠯᠠᠭ᠎ᠠ ᠶᠢ ᠤᠷᠤᠭᠰᠢᠲᠠᠢ ᠪᠥᠭᠡᠳ ᠡᠮᠬᠢ ᠵᠢᠷᠤᠮ ᠲᠠᠢ ᠶᠠᠪᠤᠭᠳᠠᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠠᠵᠢᠯᠯᠠᠭᠠᠨ ᠤ ᠲᠤᠬᠠᠢ ᠶᠢᠨ ᠡᠳᠦᠷ᠂ ᠡᠯ᠎ᠡ ᠠᠵᠢᠯᠯᠠᠬᠤ ᠠᠩᠭᠢ ᠨᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠤᠰᠢᠭᠤ ᠱᠠᠯᠠᠮᠠᠭᠠᠢ ᠠᠵᠢᠯᠯᠠᠵᠤ᠂ ᠬᠠᠷᠢᠭᠤᠴᠠᠯᠭ᠎ᠠ ᠶᠢᠨ ᠬᠤᠪᠢᠶᠠᠷᠢ ᠲᠣᠭᠤᠷᠢᠭ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ᠂ ᠴᠡᠪᠡᠷᠯᠡᠨ ᠲᠡᠭᠡᠭᠡᠪᠦᠷᠢᠯᠡᠬᠦ ᠪᠠ ᠲᠥᠪᠯᠡᠷᠡᠭᠦᠯᠦᠨ ᠰᠢᠢᠳᠪᠦᠷᠢᠯᠡᠬᠦ ᠠᠵᠢᠯ ᠢ ᠦᠳᠲᠡᠷ ᠲᠦᠷᠭᠡᠨ ᠥᠷᠨᠢᠭᠦᠯᠵᠦ᠂ ᠨᠡᠶᠢᠲᠡ 30 ᠭᠠᠷᠤᠢ ᠲᠡᠷᠭᠡ ᠬᠤᠭ ᠨᠣᠪᠰᠢ ᠬᠤᠷᠢᠶᠠᠨ ᠴᠤᠭᠯᠠᠭᠤᠯᠵᠤ᠂ ᠬᠤᠰᠢᠭᠤᠨ ᠤ ᠰᠠᠭᠤᠭ᠎ᠠ ᠭᠠᠵᠠᠷ ᠤᠨ ᠳᠥᠷᠪᠡᠨ ᠴᠢᠭᠯᠡᠯ ᠤᠨ ᠭᠤᠣᠯ ᠵᠠᠮ ᠤᠨ ᠬᠤᠶᠠᠷ ᠬᠠᠵᠠᠭᠤ ᠵᠢᠴᠢ ᠪᠠᠯᠭᠠᠰᠤᠨ ᠤ ᠡᠯ᠎ᠡ ᠰᠠᠭᠤᠭᠠᠯᠢ ᠠᠷᠠᠳ ᠤᠨ ᠴᠡᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠶᠢᠨ ᠳᠦᠷᠰᠦ ᠪᠠᠶᠢᠳᠠᠯ ᠢ ᠴᠣ᠋ ᠰᠢᠨ᠎ᠡ ᠪᠣᠯᠭᠠᠭᠰᠠᠨ ᠪᠠᠶᠢᠨ᠎ᠠ᠃      ᠲᠣᠰ ᠤᠳᠠᠭᠠᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠪᠥᠳᠤᠮᠵᠢ   ᠲᠠᠢ ᠪᠠᠷ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠴᠢᠳ ᠲᠤ ᠦᠢᠯᠡᠴᠢᠯᠡᠭᠡ ᠪᠠᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠦᠢᠯᠡᠳᠦᠯᠭᠡ ᠶᠢᠨ ᠳᠤᠮᠳᠠ ᠭᠦᠨᠵᠡᠭᠡᠢ ᠦᠢᠯᠡᠳᠦᠯᠭᠡᠵᠢᠭᠦᠯᠵᠦ᠂ ᠨᠡᠶᠢᠭᠡᠮ ᠤᠨ ᠠᠵᠢᠯ ᠤᠨ ᠠᠭᠤᠯᠤᠭᠳᠠᠬᠤᠨ ᠪᠠ ᠦᠨ᠎ᠡ ᠥᠷᠲᠡᠭ ᠢ ᠣᠶᠢᠯᠠᠭᠠᠭᠤᠯᠵᠤ᠂ ᠪᠥᠬᠦ ᠠᠷᠠᠳ ᠢᠶᠠᠷ ᠢᠶᠠᠨ ᠨᠡᠶᠢᠭᠡᠮ ᠤᠨ ᠠᠵᠢᠯ ᠳᠤ ᠣᠷᠣᠯᠴᠠᠬᠤ᠂ ᠨᠡᠶᠢᠭᠡᠮ ᠳᠠᠶᠠᠭᠠᠷ ᠢᠶᠠᠨ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤ ᠶᠢᠨ ᠬᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠤᠨ ᠪᠦᠷᠢᠨᠰᠢᠭᠦᠯᠵᠦ᠂ ᠭᠤᠣᠯ ᠵᠠᠮ ᠵᠢᠴᠢ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠯᠪᠠᠰᠤᠨ ᠦᠵᠡᠰᠬᠦᠯᠡᠩᠲᠦ ᠰᠠᠶᠢᠬᠠᠨ ᠵᠢᠵᠢᠭ ᠪᠠᠯᠭᠠᠰᠤ ᠶᠢ ᠬᠠᠮᠲᠤᠪᠠᠷ ᠪᠦᠲᠦᠭᠡᠨ ᠪᠠᠶᠢᠭᠤᠯᠤᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号