ᠬᠦᠭᠡᠷᠦᠭᠦᠨ ᠪᠦᠪᠡᠢ ᠨᠠᠷ ᠤᠨ ᠲᠠᠨᠢᠨ ᠮᠡᠳᠡᠷᠡᠬᠦᠢ ᠶᠢᠨ ᠪᠠᠶᠠᠰᠤᠯᠲᠤ ᠮᠦᠴᠡ᠂ ︽ᠪᠤᠲᠤᠭᠤᠨ ᠪᠤᠶᠢᠯᠠᠭ᠎ᠠ︾ ᠰᠤᠶᠤᠯ ᠤᠨ ᠥᠪ  ᠤᠨ ᠨᠠᠨᠳᠢᠨ ᠬᠢᠴᠢᠶᠡᠯᠯᠡᠭᠡ
ᠨᠡᠶᠢᠲᠡᠯᠡᠭᠰᠡᠨ ᠴᠠᠭ᠄
2025/4/30
      4 ᠰᠠᠷ᠎ᠠ ᠶᠢᠨ19 ᠤ ᠡᠳᠦᠷ᠂  ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ ᠤᠨ 111  ᠳ᠋ᠤᠭᠡᠷ ᠠᠩᠭᠢ ᠨᠢ ᠪᠠᠭᠰᠢ ᠪᠠ ᠭᠡᠷ ᠤᠨ ᠠᠬᠠᠮᠠᠳ ᠤᠨ ᠢᠶᠠᠨ ᠳᠠᠭᠠᠭᠤᠯᠭ᠎ᠠ ᠳᠤᠤᠷ᠎ᠠ᠂ ᠰᠢᠯᠢ ᠶᠢᠨ ᠭᠤᠤᠯ ᠠᠶᠢᠮᠠᠭ ᠤᠨ       ︽ᠢᠰᠡᠭᠡᠢ ᠡᠷᠳᠡᠨᠢ︾ ᠰᠤᠶᠤᠯ ᠤᠯᠠᠮᠵᠢᠯᠠᠯ ᠤᠨ ᠬᠢᠵᠠᠭᠠᠷᠲᠤ ᠺᠤᠮᠫᠠᠨᠢ ᠲᠠᠢ ᠬᠠᠮᠵᠢᠯᠴᠠᠵᠤ᠂ ︽ᠭᠤᠪᠢ ᠶᠢᠨ ᠪᠤᠶᠢᠯᠠᠭ᠎ᠠ︾ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠵᠤᠷᠢᠨ ᠬᠦᠷᠴᠦ᠂ ᠪᠤᠳᠠᠳᠠᠢ ᠦᠢᠯᠡᠳᠦᠯᠭᠡ ᠳᠤ   ᠤᠷᠤᠯᠴᠠᠨ᠂ ᠮᠠᠯᠵᠢᠬᠤ ᠠᠬᠤᠢ ᠲᠠᠢ ᠣᠶᠢᠷᠠᠲᠤᠵᠤ᠂ ᠪᠤᠳᠠᠰ ᠤᠨ ᠪᠤᠰᠤ ᠦᠪ ᠢᠶᠠᠨ ᠲᠠᠨᠢᠵᠦ᠂  ︽ᠪᠣᠳᠤᠭᠤᠨ ᠪᠣᠶᠢᠯᠠᠭ᠎ᠠ︾ ᠨᠡᠶᠢᠭᠡᠮ ᠤᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠵᠦ᠂ ᠤᠳᠬ᠎ᠠ ᠲᠡᠭᠦᠯᠳᠡᠷ ᠭᠠᠷᠠᠭ ᠤᠨ ᠠᠮᠠᠷᠠᠯᠲᠠ ᠪᠠᠨ ᠲᠡᠮᠳᠡᠭᠯᠡᠯ᠎ᠡ᠃      ᠲᠤᠰ ᠤᠳᠠᠭᠠᠨ ᠤ ᠬᠦᠳᠡᠯᠭᠡᠭᠡᠨ ᠳᠤ᠂ ᠲᠡᠮᠡᠭᠡ ᠶᠢ ᠵᠤᠭᠳᠤᠷᠯᠠᠬᠤ᠂ ᠲᠡᠮᠡᠭᠡᠨ ᠵᠤᠭᠳᠤᠷ ᠢᠶᠠᠷ ᠬᠡᠷᠬᠢᠨ ᠤᠳᠠᠰᠤ ᠡᠭᠡᠷᠢᠵᠦ᠂ ᠡᠭᠡᠷᠢᠭᠰᠡᠨ ᠤᠳᠠᠰᠤ ᠪᠠᠷ ᠢᠶᠠᠨ ᠢᠰᠡᠭᠡᠢ ᠰᠢᠷᠢᠮᠡᠯ ᠰᠢᠷᠢᠬᠦ ᠵᠡᠷᠭᠡ ᠪᠦᠷᠢᠨ ᠪᠦᠲᠦᠨ ᠢᠰᠡᠭᠡᠢ ᠰᠢᠷᠢᠬᠦ ᠶᠠᠪᠤᠴᠠ ᠶᠢ ᠪᠤᠳᠠᠳᠠᠢ ᠦᠵᠡᠭᠦᠯᠵᠦ ᠬᠠᠷᠠᠭᠤᠯᠤᠭᠰᠠᠨ ᠤ  ᠬᠠᠮᠲᠤ ︽ᠭᠤᠪᠢ ᠶᠢᠨ ᠪᠤᠶᠢᠯᠠᠭ᠎ᠠ︾ ᠭᠡᠷ ᠪᠦᠯᠢ  ᠶᠢᠨ ᠮᠠᠯᠵᠢᠯ ᠤᠨ ᠲᠠᠯᠠᠪᠠᠢ ᠶᠢᠨ ᠰᠠᠶᠢᠨᠪᠠᠶᠠᠷ ᠠᠴᠠ ᠲᠡᠮᠡᠭᠡ ᠮᠠᠯᠵᠢᠯ ᠤᠨ ᠰᠤᠶᠤᠯ ᠢ ᠲᠠᠨᠢᠭᠤᠯᠤᠨ ᠮᠡᠳᠡᠭᠦᠯᠦᠭᠰᠡᠨ  ᠢᠶᠠᠷ ᠬᠡᠦᠬᠡᠳ ᠤᠳ ᠲᠤ ᠲᠤᠩ ᠶᠡᠭᠡ ᠤᠯᠤᠯᠲᠠ ᠲᠠᠢ ᠰᠠᠶᠢᠬᠠᠨ ᠬᠦᠳᠡᠯᠭᠡᠭᠡᠨ ᠪᠤᠯᠤᠭᠰᠠᠨ ᠪᠠᠶᠢᠨ᠎ᠠ᠃      ᠬᠦᠳᠡᠯᠭᠡᠭᠡᠨ ᠤ ᠪᠠᠰᠠ ᠨᠢᠭᠡᠨ ᠤᠨᠴᠠᠯᠠᠬᠤ ᠵᠦᠢᠯ ᠨᠢ ᠭᠡᠷ ᠤᠨ ᠠᠬᠠᠮᠠᠳ ᠲᠠᠢ ᠪᠠᠨ ᠬᠠᠮᠲᠤ ᠪᠠᠷ ᠠᠬᠠᠮᠠᠳ ᠢᠰᠡᠭᠡᠢ ᠰᠢᠷᠢᠮᠡᠯ ᠤᠨ ᠥᠪᠯᠡᠭᠴᠢ ᠠᠴᠠ ᠰᠤᠷᠤᠯᠴᠠᠵᠤ᠂ ᠢᠰᠡᠭᠡᠢ ᠳᠡᠭᠡᠷ᠎ᠡ ᠭᠤᠶᠤ ᠰᠠᠶᠢᠬᠠᠨ ᠤᠭᠠᠯᠵᠠ ᠭᠡ ᠰᠢᠷᠢᠵᠦ ᠤᠷᠠᠯᠠᠨ᠂ ᠬᠠᠮᠤᠭ ᠤᠨ ᠣᠶᠢᠷ᠎ᠠ ᠵᠠᠢ ᠠᠴᠠ ᠬᠡᠦᠬᠡᠳ ᠲᠤ ᠪᠠᠨ ᠦᠵᠡᠭᠦᠯᠵᠦ᠂ ᠲᠡᠳᠡᠨ ᠤ ᠳᠤᠷ᠎ᠠ ᠰᠣᠨᠢᠷᠬᠠᠯ  ᠵᠢᠴᠢ ᠢᠳᠡᠪᠬᠢᠵᠢᠯ ᠢ  ᠳᠠᠶᠢᠴᠢᠯᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠬᠤᠶᠠᠳᠤᠭᠠᠷ ᠬᠡᠦᠬᠡᠳ ᠤᠨ ᠴᠡᠴᠡᠷᠯᠢᠭ ᠤᠨ 111 ᠳ᠋ᠤᠭᠡᠷ ᠠᠩᠭᠢ ᠨᠢ ᠪᠠᠭᠰᠢ ᠶᠢᠨ ᠢᠶᠠᠨ ᠵᠢᠯᠤᠭᠤᠳᠤᠯᠭ᠎ᠠ ᠳᠤᠤᠷ᠎ᠠ ︽ᠢᠰᠡᠭᠡᠢ ᠤᠷᠠᠯᠠᠯ ᠢᠶᠠᠷ ᠬᠡᠦᠬᠡᠳ ᠤᠨ ᠪᠦᠲᠦᠭᠡᠯᠴᠢ ᠴᠢᠳᠠᠪᠤᠷᠢ ᠶᠢ ᠳᠡᠭᠡᠭᠰᠢᠯᠡᠭᠦᠯᠬᠦ ᠲᠤᠷᠰᠢᠯᠲᠠ ᠶᠢᠨ ᠰᠤᠳᠤᠯᠭᠠᠨ︾  ᠢ ᠪᠠᠭ᠎ᠠ ᠠᠩᠭᠢ ᠠᠴᠠ ᠪᠠᠨ ᠡᠬᠢᠯᠡᠨ  ᠬᠡᠷᠡᠭᠵᠢᠭᠦᠯᠵᠦ᠂ ᠤᠳᠤᠬᠠᠨ ᠪᠤᠯᠲᠠᠯ᠎ᠠ᠂ ᠢᠰᠡᠭᠡᠢ ᠬᠢᠬᠦ᠂ ᠢᠰᠡᠭᠡᠢ ᠳᠡᠭᠡᠷ᠎ᠡ ᠰᠢᠷᠢᠮᠡᠯ ᠰᠢᠷᠢᠬᠦ ᠵᠡᠷᠭᠡ ᠣᠯᠠᠨ ᠰᠠᠶᠢᠬᠠᠨ ᠰᠤᠶᠤᠯ ᠤᠯᠠᠮᠵᠢᠯᠠᠯ ᠢᠶᠠᠨ ᠪᠤᠲᠠᠲᠠᠢ ᠦᠢᠯᠡᠳᠦᠯᠭᠡ ᠳᠤᠮᠳᠠ ᠰᠤᠷᠤᠯᠴᠠᠵᠤ ᠥᠪ ᠰᠤᠶᠤᠯ ᠢᠶᠠᠨ ᠬᠠᠷᠠᠬᠠᠨ ᠪᠠᠭ᠎ᠠ ᠠᠴᠠ ᠪᠠᠨ ᠲᠠᠨᠢᠵᠦ ᠣᠶᠢᠯᠠᠭᠠᠬᠤ ᠶᠢ ᠵᠣᠷᠢᠵᠦ  ᠶᠠᠪᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号