ᠭᠤᠴᠢᠳᠠᠬᠢ ᠳᠡᠯᠡᠬᠡᠶ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠬᠤᠰᠢᠭᠤᠨ | ᠤ ᠰᠠᠮᠠᠢ ᠰᠤᠮᠤ ︽ᠪᠢᠴᠢᠭ ᠤᠨ ᠦᠨᠦᠷ ᠢᠶᠠᠷ ᠬᠢᠯᠢ ᠬᠢᠵᠠᠭᠠᠷ ᠢ ᠤᠮᠳᠠᠯᠠᠵᠤ᠂ ᠰᠡᠳᠬᠢᠯ ᠢᠶᠠᠨ ᠨᠢᠭᠡᠳᠬᠡᠨ | ᠪᠦᠯᠬᠦᠮᠳᠡᠯ ᠢ ᠠᠬᠢᠭᠤᠯᠬᠤ︾ ᠳᠡᠯᠡᠬᠡᠶ ᠶᠢᠨ ᠨᠣᠮ ᠤᠩᠰᠢᠬᠤ ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢᠨ ᠰᠠᠭᠤᠷᠢᠨ ᠭᠠᠵᠠᠷ ᠤᠨ | ᠦᠶᠯᠡᠳᠦᠯ ᠢ ᠪᠠᠳᠠᠷᠠᠭᠤᠯᠵᠤ᠂ ᠣᠨᠣᠯ ᠤᠨ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ | ᠥᠯᠢᠭᠡᠷ ᠤᠨ ᠬᠤᠪᠢᠶᠠᠯᠴᠠᠯᠭ᠎ᠠ᠂ ᠬᠠᠮᠲᠤ ᠶᠢᠨ ᠤᠩᠰᠢᠯᠭ᠎ᠠ ᠵᠡᠷᠭᠡ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ᠂ | ᠤᠮᠠᠷᠠᠲᠤ ᠬᠢᠯᠢ ᠶᠢᠨ ᠰᠣᠶᠣᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠡᠷᠡᠯᠬᠡᠭᠯᠡᠨ ᠤᠷᠤᠭᠰᠢᠯᠠᠬᠤ | ᠬᠦᠴᠦᠨ ᠢ ᠨᠢᠭᠲᠠᠷᠠᠭᠤᠯᠵᠤ᠂ 《 ᠨᠣᠮ ᠢ ᠬᠠᠶᠢᠷᠠᠯᠠᠬᠤᠢ᠂ ᠰᠠᠶᠢᠨ ᠨᠣᠮ ᠤᠩᠰᠢᠬᠤᠢ᠂ ᠨᠣᠮ ᠳᠤ | ᠰᠢᠮᠳᠠᠬᠤᠢ》ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ ᠃ | ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤᠨ ᠤ ᠨᠠᠮ ᠤᠨ ᠭᠡᠰᠢᠭᠦᠨ ᠺᠠᠳ᠋ᠷ᠂ ᠰᠠᠭᠤᠭ᠎ᠠ ᠭᠠᠵᠠᠷ | ᠤᠨ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ᠂ ᠲᠣᠰᠣᠨᠪᠤᠯᠠᠭ ᠭᠠᠴᠠᠭᠠᠨ ᠤ 《 ᠬᠤᠶᠠᠷ ᠵᠥᠪᠯᠡᠯ 》᠂ | ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ᠂ ᠬᠢᠯᠢ ᠬᠠᠮᠠᠭᠠᠯᠠᠭᠴᠢ᠂ ᠣᠯᠠᠨ ᠲᠦᠮᠡᠨ ᠤ ᠲᠥᠯᠥᠭᠡᠯᠡᠭᠴᠢ ᠵᠡᠷᠭᠡ | ᠨᠡᠶᠢᠲᠡ 40 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ ᠃ | ᠠᠵᠢᠯᠯᠠᠭ᠎ᠠ ᠡᠬᠢᠯᠡᠮᠡᠭᠴᠡ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ 《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ 》 ᠭᠤᠤᠯ ᠰᠡᠳᠦᠪ ᠤᠨ ᠲᠣᠭᠤᠷᠢᠨ | ᠳᠤ᠂ ᠬᠢᠯᠢ ᠬᠢᠵᠠᠭᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠤᠨ | ᠴᠢᠬᠤᠯᠠ ᠠᠴᠢ ᠬᠤᠯᠪᠣᠭᠳᠠᠯ ᠪᠠ ᠦᠶᠯᠡᠳᠦᠯᠭᠡ ᠶᠢᠨ ᠠᠷᠭ᠎ᠠ ᠵᠠᠮ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ | ᠲᠣᠳᠣᠷᠬᠠᠶᠢᠯᠠᠨ ᠥᠭᠦᠯᠡᠪᠡ᠃ ᠳᠠᠷᠠᠭ᠎ᠠ ᠨᠢ᠂ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ | 《 ᠵᠠᠭᠤᠨ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠪᠠᠭᠤᠬᠤ 》 ᠪᠠᠷ ᠭᠠᠷᠳᠠᠬᠤ ᠴᠡᠭ ᠪᠣᠯᠭᠠᠵᠤ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠪᠠ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠤᠬᠠᠭᠤᠯᠭ᠎ᠠ ᠶᠢ ᠥᠷᠨᠢᠭᠦᠯᠵᠦ᠂ ᠪᠣᠳᠠᠲᠤ ᠬᠡᠷᠡᠭᠯᠡᠭᠡᠨ ᠤ ᠮᠡᠳᠡᠯᠭᠡ ᠶᠢ ᠣᠯᠠᠨ ᠲᠦᠮᠡᠨ ᠤ ᠳᠡᠷᠭᠡᠳᠡ | ᠬᠦᠷᠭᠡᠵᠦ᠂ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠪᠡ ᠃ | ᠠᠵᠢᠯᠯᠠᠭ᠎ᠠ ᠶᠢᠨ ᠳᠤᠮᠳᠠ᠂ ᠲᠣᠰᠣᠨᠪᠤᠯᠠᠭ ᠭᠠᠴᠠᠭᠠᠨ ᠤ ᠬᠢᠯᠢ ᠬᠠᠮᠠᠭᠠᠯᠠᠭᠴᠢ ᠰᠦᠬᠡᠪᠠᠭᠠᠲᠤᠷ《 ᠬᠢᠯᠢ ᠶᠢᠨ | ᠱᠤᠭᠤᠮ ᠤᠨ ᠰᠠᠬᠢᠨ ᠬᠠᠮᠠᠭᠠᠯᠠᠭᠴᠢ᠂ ᠦᠨᠳᠦᠰᠦᠲᠡᠨ ᠤ ᠪᠦᠯᠬᠦᠮᠳᠡᠯ ᠤᠨ ᠦᠶᠯᠡᠳᠦᠯᠭᠡᠵᠢᠭᠦᠯᠦᠭᠴᠢ 》 ᠭᠡᠬᠦ | ᠰᠡᠳᠦᠪ ᠢᠶᠠᠷ ᠬᠢᠯᠢ ᠬᠠᠮᠠᠭᠠᠯᠠᠭᠴᠢᠳ ᠤᠨ ᠬᠢᠯᠢ ᠬᠢᠵᠠᠭᠠᠷ ᠲᠤ ᠨᠤᠲᠤᠭᠰᠢᠨ᠂ ᠬᠢᠯᠢ ᠬᠢᠵᠠᠭᠠᠷ ᠤᠨ ᠲᠣᠭᠲᠠᠭᠤᠨ ᠢ | ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠰᠡᠳᠬᠢᠯ ᠬᠥᠳᠡᠯᠭᠡᠮ᠎ᠡ ᠥᠯᠢᠭᠡᠷ ᠤᠳ ᠢ | ᠬᠤᠪᠢᠶᠠᠯᠴᠠᠵᠤ᠂ ᠬᠢᠯᠢ ᠬᠢᠵᠠᠭᠠᠷ ᠤᠨ ᠰᠠᠬᠢᠨ ᠬᠠᠮᠠᠭᠠᠯᠠᠭᠴᠢᠳ ᠤᠨ ᠬᠠᠷᠢᠭᠤᠴᠠᠯᠭ᠎ᠠ ᠪᠠ ᠡᠭᠦᠷᠭᠡᠯᠡᠯ ᠢ ᠠᠮᠢᠳᠤᠯᠢᠭ | ᠢᠶᠠᠷ ᠳᠡᠯᠭᠡᠨ ᠦᠵᠡᠭᠦᠯᠵᠡᠶ᠃ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠮᠥᠩᠬᠡᠵᠢᠷᠭᠠᠯ ︽ᠰᠢ ᠶᠢᠨ ᠫᠢᠩ | ᠤᠨ ᠵᠣᠬᠢᠶᠠᠯ ᠤᠨ ᠰᠣᠩᠭᠤᠮᠠᠯ︾ ᠢ ᠤᠩᠰᠢᠭᠰᠠᠨ ᠭᠦᠨᠵᠡᠭᠡᠶ ᠲᠥᠷᠥᠭᠳᠡᠯ ᠢᠶᠠᠨ ᠬᠤᠪᠢᠶᠠᠯᠴᠠᠵᠤ᠂ ᠴᠢᠩ ᠦᠨᠡᠨᠴᠢ | ᠬᠠᠶᠢᠷ᠎ᠠ ᠰᠡᠳᠬᠢᠯᠭᠡ ᠪᠠᠷ ᠠᠬᠤᠶ ᠲᠠᠯᠠᠪᠠᠶ ᠳᠤ ᠪᠠᠶᠢᠭ᠎ᠠ ᠬᠥᠮᠦᠰ ᠢ ᠳᠠᠶᠢᠴᠢᠯᠠᠨ ᠦᠵᠡᠯ ᠰᠠᠨᠠᠭᠠᠨ ᠤ ᠠᠤᠭ᠎ᠠ | ᠬᠦᠴᠦᠨ ᠢ ᠣᠶᠢᠯᠠᠭᠠᠭᠤᠯᠵᠠᠢ ᠃ | ᠲᠠᠷᠠᠭᠠᠴᠢ ᠶᠢᠨ ᠠᠯᠬᠤᠮ ᠳᠤ᠂ ᠰᠠᠮᠢ ᠰᠤᠮᠤ ᠣᠯᠠᠨ ᠡᠰᠢᠲᠦ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠰᠣᠶᠣᠯ ᠢᠶᠠᠷ ᠬᠢᠯᠢ ᠬᠢᠵᠠᠭᠠᠷ ᠢ ᠤᠮᠳᠠᠯᠠᠵᠤ᠂ ᠪᠢᠴᠢᠭ ᠨᠣᠮ ᠢᠶᠠᠷ ᠬᠦᠴᠦᠨ ᠴᠢᠳᠠᠯ ᠢ | ᠨᠢᠭᠲᠠᠷᠠᠭᠤᠯᠵᠤ᠂ ᠪᠥᠬᠦ ᠰᠤᠮᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠠᠬᠢᠭᠤᠯᠬᠤ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠪᠦᠯᠬᠦᠮᠳᠡᠯ | ᠤᠨ ᠴᠡᠴᠡᠭ ᠢ ᠲᠠᠯ᠎ᠠ ᠨᠤᠲᠤᠭ ᠤᠨ ᠭᠦᠨ ᠳᠤ ᠳᠡᠯᠭᠡᠷᠡᠭᠦᠯᠦᠨ᠎ᠡ ᠃ |