4 ᠰᠠᠷ᠎ᠠ ᠶᠢᠨ 23 ᠤ ᠡᠳᠦᠷ ᠪᠣᠯ ᠭᠤᠴᠢᠳᠤᠭᠠᠷ ᠣᠳᠠᠭᠠᠨ ᠤ ︽ᠳᠡᠯᠡᠬᠡᠢ ᠶᠢᠨ ᠨᠣᠮ ᠤᠩᠰᠢᠬᠤ ᠡᠳᠦᠷ︾ | ᠪᠣᠯᠣᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠥᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠤᠨ᠂ ᠪᠥᠬᠦ ᠠᠷᠠᠳ ᠢᠶᠠᠷ ᠢᠶᠠᠨ ᠨᠣᠮ ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠬᠤ ᠶᠢᠨ ᠲᠥᠯᠥᠭᠡ᠂ ᠬᠤᠰᠢᠭᠤ ᠨᠤᠮ ᠤᠨ ᠰᠠᠩ ᠤᠨ ᠮᠠᠨᠳᠤᠬᠤᠪᠤᠯᠠᠭ ᠬᠤᠪᠢᠶᠠᠷᠢ ᠨᠤᠮ ᠤᠨ ᠰᠡᠩ ᠢ | ᠠᠰᠢᠭᠯᠠᠨ ︽ᠳᠤᠮᠳᠠᠳᠤ ᠶᠢᠨ ᠭᠡᠷᠡᠯ ᠰᠠᠴᠤᠷᠠᠩᠭᠤᠢ ᠳᠡᠤᠬᠡ ᠶᠢ ᠤᠩᠰᠢᠵᠤ ᠦᠨᠳᠤᠰᠤᠳᠡᠨ ᠤ ᠪᠦᠯᠬᠦᠮᠳᠡᠯ ᠢ | ᠰᠡᠳᠬᠢᠯ ᠳᠤ ᠪᠠᠨ ᠠᠭᠤᠰᠣᠯᠴᠠᠭᠤᠯᠣᠶᠠ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠲᠤᠬᠠᠢ ᠶᠢᠨ | ᠲᠠᠯᠠᠪᠠᠢ ᠳᠤ ᠰᠢᠨ᠎ᠡ ᠠᠵᠢᠯᠲᠠᠨ ᠳᠤ ᠮᠠᠨᠳᠤᠬᠤᠪᠤᠯᠠᠭ ᠪᠠᠯᠭᠠᠰᠤᠨ ᠤ ᠬᠥᠭᠵᠢᠯᠲᠡ ᠶᠢᠨ ᠲᠡᠦᠬᠡ ᠶᠢ | ᠤᠶᠢᠯᠭᠠᠭᠤᠯᠬᠤ ᠪᠠᠷ ᠳᠠᠮᠵᠢᠭᠤᠯᠤᠨ᠂ ᠰᠢᠨ᠎ᠡ ᠠᠵᠢᠯᠴᠢᠨ ᠤ ᠰᠢᠨ᠎ᠡ ᠠᠵᠢᠯ ᠤᠨ ᠪᠠᠶᠢᠷᠢᠨ ᠳᠤ ᠠᠭᠤᠰᠤᠯᠴᠠᠬᠤ ᠶᠢ | ᠠᠬᠢᠭᠤᠯᠬᠤ᠂ ᠨᠣᠮ ᠤᠩᠰᠢᠭᠰᠠᠨ ᠣᠯᠣᠯᠲᠠ ᠲᠥᠷᠥᠭᠳᠡᠯ ᠢᠶᠠᠨ ᠬᠠᠮᠲᠤᠪᠠᠷ ᠬᠤᠪᠢᠶᠠᠯᠴᠠᠬᠤ᠂ ᠶᠡᠷᠦᠩᠬᠡᠢ | ᠠᠵᠢᠯᠴᠢᠨ ᠤ ᠡᠪᠯᠡᠯ ᠤᠨ ᠪᠠᠶᠢᠭᠤᠯᠤᠭᠳᠠᠭᠰᠠᠨ ᠵᠠᠭᠤᠨ ᠵᠢᠯ ᠳᠤ ᠪᠢᠴᠢᠭᠡᠰᠦ ᠢᠯᠡᠭᠡᠬᠦ᠂ ᠶᠡᠭᠡ ᠰᠤᠷᠭᠠᠭᠤᠯᠢ | ᠲᠡᠭᠦᠰᠦᠭᠰᠡᠨ ᠵᠠᠯᠠᠭᠤᠴᠤᠳ ᠤᠨ ᠦᠢᠯᠡᠰ ᠪᠤᠰᠬᠠᠬᠤ ᠳᠤ ᠰᠠᠨᠠᠯ ᠳᠡᠮᠵᠢᠯᠭᠡ ᠥᠭᠬᠦ ᠵᠡᠷᠭᠡ ᠳᠦᠷᠪᠡᠨ ᠠᠭᠤᠯᠭ᠎ᠠ | ᠪᠠᠷ ᠶᠠᠪᠤᠭᠳᠠᠪᠠ᠃ | ᠰᠢᠨ᠎ᠡ ᠠᠵᠢᠯ ᠳᠤ ᠣᠷᠣᠭᠰᠠᠨ ᠠᠵᠢᠯᠲᠠᠨ ᠤ ᠰᠢᠨ᠎ᠡ ᠠᠵᠢᠯ ᠤᠨ ᠪᠠᠶᠢᠷᠢᠨ ᠳᠤ ᠠᠭᠤᠰᠤᠯᠴᠠᠬᠤ ᠶᠢ | ᠠᠬᠢᠭᠤᠯᠬᠤ ᠶᠢᠨ ᠲᠦᠯᠦᠭᠡ᠂ ᠲᠤᠬᠠᠢ ᠶᠢᠨ ᠲᠠᠯᠠᠪᠤᠷ ᠲᠤ ︽ᠮᠠᠨᠳᠤᠬᠤᠪᠤᠯᠠᠭ ᠤᠨ ᠬᠥᠭᠵᠢᠯᠲᠡ ᠶᠢ ᠬᠠᠶᠢᠬᠤ︾ | ᠭᠤᠣᠯ ᠰᠡᠳᠦᠪᠲᠦ ᠰᠤᠷᠤᠯᠴᠠᠬᠤ ᠠᠵᠢᠯᠯᠠᠭ᠎ᠠ ᠶᠢ ᠣᠨᠴᠠᠭᠠᠶᠢᠯᠠᠨ ᠥᠷᠨᠢᠭᠦᠯᠪᠡ᠃ ᠲᠤᠰ ᠠᠵᠢᠯᠯᠠᠭ᠎ᠠ ᠳᠤ ᠪᠡᠶᠡᠴᠢᠯᠡᠨ | ᠤᠶᠢᠯᠭᠠᠬᠤ ᠪᠠ ᠭᠦᠨᠵᠡᠭᠡᠢ ᠵᠢᠭᠠᠨ ᠰᠤᠷᠭᠠᠯᠲᠠ ᠶᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠠᠭᠤᠳᠠᠮ | ᠲᠠᠯᠠᠪᠠᠢ᠂ ᠮᠣᠩᠭᠤᠯ ᠭᠡᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠳᠡᠭᠡ᠂ ᠨᠢᠭᠡᠳᠤᠯ ᠤᠨ ᠬᠤᠣᠳᠤᠭ᠂ | ᠤᠶᠠᠭ᠎ᠠ ᠴᠢᠯᠠᠭᠤ ᠶᠢ ᠳᠤᠭᠤᠷᠢᠨ ᠦᠵᠡᠭᠦᠯᠬᠦ᠂ ᠪᠠᠯᠭᠠᠰᠤᠨ ᠤ ᠤᠳᠤᠷᠢᠳᠤᠯᠭ᠎ᠠ᠂ ᠠᠬᠠᠮᠠᠳ ᠠᠵᠢᠯᠴᠢᠨ ᠤ | ᠲᠤᠷᠰᠢᠯᠭ᠎ᠠ ᠪᠠᠨ ᠬᠤᠪᠢᠶᠠᠯᠴᠠᠬᠤ ᠪᠠᠷ ᠳᠠᠮᠵᠢᠭᠤᠯᠵᠤ᠂ ᠮᠠᠨᠳᠤᠬᠤᠪᠤᠯᠠᠭ ᠪᠠᠯᠭᠠᠰᠤᠨ ᠤ ᠲᠡᠦᠬᠡ ᠶᠢᠨ ᠤᠯᠠᠷᠢᠯ | ᠬᠤᠪᠢᠰᠤᠯ ᠠᠴᠠ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠬᠦᠷᠲᠡᠯᠡᠬᠢ ᠰᠦᠷ ᠳᠠᠯᠠᠶᠢᠴᠠᠲᠠᠢ | ᠥᠩᠭᠡᠷᠡᠯᠲᠡ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ | ᠨᠣᠮ ᠤᠩᠰᠢᠭᠰᠠᠨ ᠣᠯᠣᠯᠲᠠ ᠲᠥᠷᠥᠭᠳᠡᠯ ᠢᠶᠠᠨ ᠬᠠᠮᠲᠤ ᠪᠠᠷ ᠬᠤᠪᠢᠶᠠᠯᠴᠠᠭᠰᠠᠨ ᠨᠢ | ᠲᠣᠰ ᠣᠳᠠᠭᠠᠨ ᠤ ᠨᠣᠮ ᠤᠩᠰᠢᠭᠰᠠᠨ ᠣᠯᠣᠯᠲᠠ ᠲᠥᠷᠥᠭᠳᠡᠯ ᠢᠶᠠᠨ ᠬᠠᠮᠲᠤ ᠪᠠᠷ ᠬᠤᠪᠢᠶᠠᠯᠴᠠᠬᠤ | ᠠᠵᠢᠯᠯᠠᠭ᠎ᠠ ᠳᠤ᠂ ᠠᠵᠢᠯᠳᠠᠳ ᠥᠩᠭᠡᠷᠡᠭᠰᠡᠨ ᠨᠢᠭᠡ ᠵᠢᠯ ᠤᠨ ᠤᠩᠰᠢᠭᠰᠠᠨ ᠨᠣᠮ ᠪᠢᠴᠢᠭ ᠠᠴᠠ ᠪᠠᠨ ᠰᠣᠩᠭᠤᠳᠠᠭ | ᠪᠠᠳᠠᠭ ᠢᠶᠠᠨ ᠬᠤᠪᠢᠶᠠᠯᠴᠠᠨ ᠰᠤᠯᠢᠯᠴᠠᠵᠤ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠵᠤ᠂ | ᠢᠳᠡᠪᠬᠢᠲᠡᠢ ᠪᠠᠷ ᠶᠠᠷᠢᠶ᠎ᠠ ᠲᠠᠯᠪᠢᠵᠤ᠂ ᠨᠣᠮ ᠪᠢᠴᠢᠭ ᠤᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠡᠢ᠃ | ᠠᠵᠢᠯᠴᠢᠨ ᠤ ᠶᠡᠷᠦᠩᠬᠡᠢ ᠡᠪᠯᠡᠯ ᠤᠨ ᠵᠠᠭᠤᠨ ᠵᠢᠯ ᠳᠤ ᠪᠠᠶᠠᠷ ᠬᠦᠷᠭᠡᠭᠰᠡᠨ ᠨᠢ | ᠬᠦᠰᠡᠯ ᠡᠷᠡᠮᠡᠯᠵᠡᠯ ᠳᠤ ᠬᠦᠴᠦᠨ ᠨᠡᠮᠡᠷᠢᠯᠡᠵᠦ᠂ ᠶᠡᠭᠡ ᠰᠤᠷᠭᠠᠭᠤᠯᠢ ᠲᠡᠭᠦᠰᠦᠭᠰᠡᠨ ᠵᠠᠯᠠᠭᠤᠴᠤᠳ ᠤᠨ | ᠦᠢᠯᠡᠰ ᠪᠤᠰᠬᠠᠬᠤ ᠳᠤ ᠰᠠᠨᠠᠯ ᠳᠡᠮᠵᠢᠯᠭᠡ ᠦᠭᠬᠦᠭᠰᠡᠨ ᠨᠢ | ︽ᠬᠦᠰᠡᠯ ᠡᠷᠡᠮᠡᠯᠵᠡᠯ ᠳᠤ ᠬᠦᠴᠦᠨ ᠨᠡᠮᠡᠷᠢᠯᠡᠵᠦ ᠶᠡᠭᠡ ᠰᠤᠷᠭᠠᠭᠤᠯᠢ ᠲᠡᠭᠦᠰᠦᠭᠰᠡᠨ ᠵᠠᠯᠠᠭᠤᠴᠤᠳ ᠤᠨ | ᠦᠢᠯᠡᠰ ᠪᠤᠰᠬᠠᠬᠤ ᠳᠤ ᠰᠠᠨᠠᠯ ᠳᠡᠮᠵᠢᠯᠭᠡ ᠥᠭᠬᠦ︾ ᠲᠤᠷᠰᠢᠯᠭ᠎ᠠ ᠪᠠᠨ ᠰᠣᠯᠢᠯᠴᠠᠬᠤ ᠶᠠᠷᠢᠯᠴᠠᠭ᠎ᠠ ᠨᠢ ᠦᠨᠳᠦᠰᠦᠨ | ᠱᠠᠲᠤᠨ ᠤ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠦᠭᠵᠢᠭᠡᠵᠦ᠂ ᠲᠣᠰ ᠤᠳᠠᠭᠠᠨ ᠤ ᠶᠠᠷᠢᠯᠴᠠᠭ᠎ᠠ ᠨᠢ | ᠶᠡᠭᠡ ᠰᠤᠷᠭᠠᠭᠤᠯᠢ ᠲᠡᠭᠦᠰᠦᠭᠰᠡᠨ ᠦᠢᠯᠡᠰ ᠪᠤᠰᠬᠠᠭᠴᠢ᠂ ᠪᠠᠯᠭᠠᠰᠤᠨ ᠤ ᠺᠠᠳ᠋ᠷ ᠠᠵᠢᠯᠴᠢᠨ ᠪᠣᠯᠣᠨ ᠭᠠᠴᠠᠭᠠᠨ ᠤ | ᠠᠵᠢᠯᠲᠠᠨ ᠭᠤᠷᠪᠠ ᠳᠤ ᠲᠦᠪᠯᠡᠷᠡᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠬᠦ᠂ ᠬᠥᠳᠡᠭᠡ ᠲᠣᠰᠬᠤᠨ ᠤ ᠠᠵᠤ ᠦᠢᠯᠡᠰ ᠤᠨ ᠰᠢᠨ᠎ᠡ ᠶᠢ ᠡᠭᠦᠳᠬᠦ ᠵᠡᠷᠭᠡ ᠵᠥᠪᠯᠡᠬᠦ ᠰᠡᠳᠦᠪ ᠤᠨ | ᠲᠣᠭᠤᠷᠢᠨ ᠳᠤ ᠭᠦᠨᠵᠡᠭᠡᠢ ᠶᠠᠷᠢᠯᠴᠠᠭ᠎ᠠ ᠦᠷᠨᠢᠭᠦᠯᠪᠡ᠃ ᠬᠡᠷᠡᠭ ᠤᠨ ᠵᠢᠱᠢᠶ᠎ᠡ ᠵᠠᠳᠠᠯᠬᠤ᠂ ᠪᠣᠳᠠᠲᠤ ᠲᠤᠷᠰᠢᠯᠭ᠎ᠠ ᠪᠠ | ᠤᠷ᠎ᠠ ᠮᠡᠷᠭᠡᠵᠢᠯ ᠢᠶᠠᠨ ᠬᠤᠪᠢᠶᠠᠯᠴᠠᠬᠤ ᠪᠠᠷ ᠳᠠᠮᠵᠢᠭᠤᠯᠵᠤ᠂ ᠲᠤᠷᠰᠢᠯᠭ᠎ᠠ ᠪᠠᠨ ᠬᠠᠷᠢᠯᠴᠠᠨ ᠨᠡᠪᠲᠡᠷᠡᠯᠴᠡᠬᠦ᠂ ᠡᠬᠢ | ᠪᠠᠶᠠᠯᠢᠭ ᠢᠶᠠᠨ ᠬᠠᠷᠢᠯᠴᠠᠨ ᠬᠤᠯᠪᠣᠭᠠᠯᠠᠬᠤ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠦᠢᠯᠡᠰ ᠪᠣᠰᠬᠠᠬᠤ | ᠤᠷᠤᠰᠬᠠᠯ ᠳᠤᠮᠳᠠ ᠴᠢᠭᠯᠡᠯ ᠢᠶᠠᠨ ᠣᠨᠣᠪᠴᠢᠲᠠᠢ ᠡᠷᠢᠬᠦ ᠳᠤ ᠬᠦᠴᠦ ᠨᠡᠮᠡᠷᠢᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ ᠤ ᠬᠥᠭᠵᠢᠯᠲᠡ ᠶᠢᠨ ᠰᠢᠨ᠎ᠡ ᠶᠢ ᠡᠭᠦᠳᠬᠦ ᠬᠠᠮᠲᠤᠷᠠᠯ ᠤᠨ | ᠬᠦᠴᠦᠨ ᠢ ᠨᠢᠭᠳᠠᠷᠠᠭᠤᠯᠪᠠ᠃ | ᠮᠠᠨᠳᠤᠬᠤᠪᠤᠯᠠᠭ ᠪᠠᠯᠭᠠᠰᠤ ᠨᠢ ᠲᠤᠰ ᠣᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠷᠣᠨ | ᠨᠤᠲᠤᠭ ᠤᠨ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠠᠭᠤᠳᠠᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠦᠨᠳᠦᠰᠦᠲᠡᠨ ᠤ ᠪᠦᠯᠬᠦᠮᠳᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ | ᠠᠭᠤᠰᠤᠯᠴᠠᠭᠤᠯᠬᠤ ᠶᠢ ᠠᠬᠢᠭᠤᠯᠤᠨ᠂ ᠮᠠᠨᠳᠤᠬᠤᠪᠤᠯᠠᠭ ᠪᠠᠯᠭᠠᠰᠤᠨ ᠤ ᠰᠣᠶᠣᠯ ᠤᠨ ᠴᠡᠴᠡᠭᠯᠡᠯᠲᠡ ᠶᠢ ᠪᠠᠶᠢᠭᠤᠯᠬᠤ᠂ | ᠦᠨᠳᠦᠰᠦᠲᠡᠨ ᠤ ᠪᠦᠯᠬᠦᠮᠳᠡᠯ ᠡᠶ᠎ᠡ ᠵᠣᠬᠢᠴᠠᠩᠭᠤᠢ ᠳᠤ ᠬᠥᠳᠡᠯᠭᠡᠬᠦ ᠬᠦᠴᠦᠨ ᠨᠡᠮᠡᠷᠢᠯᠡᠪᠡ᠃ |