4 ᠳ᠋ᠦ᠋ᠭᠡᠷ ᠰᠠᠷ᠎ᠠ ᠶᠢᠨ 25 ᠤ ᠡᠳᠦᠷ᠂ ᠮᠠᠨᠳᠤᠬᠤᠪᠤᠯᠠᠭ ᠪᠠᠯᠭᠠᠰᠤ 2025 ᠣᠨ ᠤ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠪᠠ ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ | ᠮᠥᠩᠬᠡ ᠬᠤᠷᠠᠯ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠭᠤᠤᠯ | ᠲᠣᠪᠴᠢᠶᠠᠨ ᠤ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠭᠰᠡᠨ ᠪᠠᠶᠢᠳᠠᠯ ᠢ ᠨᠢᠭᠡᠳ ᠨᠢᠭᠡ ᠪᠠᠷ ᠦᠨᠡᠯᠡᠪᠡ ᠃ | ᠬᠤᠷᠠᠯ ᠳᠡᠭᠡᠷ᠎ᠡ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠥᠪ ᠠᠩᠬᠢ ᠶᠢᠨ | ᠬᠠᠷᠢᠭᠤᠴᠠᠯᠭᠠᠲᠠᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠺᠠᠳ᠋ᠷ ᠠᠵᠢᠯᠲᠠᠨ ᠲᠠᠢ ᠬᠠᠮᠵᠢᠯᠴᠠᠨ᠂ | 2024 ᠣᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠮᠡᠳᠡᠭᠦᠯᠦᠯᠲᠡ ᠶᠢ ᠲᠠᠰ ᠳᠠᠷᠠᠭᠠᠯᠠᠨ | ᠬᠠᠷᠢᠭᠤ ᠮᠡᠳᠡᠭᠦᠯᠬᠦ ᠶᠢᠨ ᠬᠠᠮᠲᠤ 2025 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠭᠤᠤᠯᠳᠠᠯᠭ᠎ᠠ ᠲᠠᠢ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮᠢᠶᠠᠷᠤᠯᠲᠠ ᠶᠢᠨ ᠴᠤᠪᠤᠷᠠᠯ ᠢ ᠰᠢᠯᠢᠳᠡᠭᠵᠢᠭᠦᠯᠵᠦ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ | ᠴᠢᠩᠭᠠᠳᠬᠠᠵᠤ᠂ ᠪᠣᠯᠪᠠᠰᠤᠷᠠᠯ ᠥᠷᠨᠢᠭᠦᠯᠵᠦ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠪᠠᠬᠢᠵᠢᠭᠦᠯᠦᠨ | ᠳᠡᠭᠡᠭᠰᠢᠯᠡᠭᠦᠯᠪᠡ ᠃ | ᠬᠤᠷᠠᠯ ᠠᠴᠠ᠂ 2025 ᠣᠨ ᠪᠣᠯ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠣᠨ ᠪᠣᠯᠤᠨ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠤᠳᠤᠷᠢᠳᠤᠮᠵᠢ | ᠪᠣᠯᠭᠠᠵᠤ᠂ 《 ᠲᠣᠭᠲᠠᠭᠰᠠᠨ ᠬᠡᠮᠵᠢᠶ᠎ᠡ + ᠲᠣᠭᠲᠠᠭᠰᠠᠨ ᠴᠢᠨᠠᠷ 》 ᠤᠨ ᠦᠨᠡᠯᠡᠯᠲᠡ ᠶᠢᠨ ᠰᠢᠰᠲ᠋ᠧᠮ ᠢ | ᠬᠡᠷᠡᠭᠯᠡᠨ᠂ 《 ᠲᠥᠰᠦᠯ ᠲᠠᠢ᠂ ᠠᠵᠢᠯᠯᠠᠭ᠎ᠠ ᠲᠠᠢ᠂ ᠦᠷ᠎ᠡ ᠪᠦᠲᠦᠮᠵᠢ ᠲᠠᠢ 》 ᠪᠠᠷ ᠭᠤᠤᠯ ᠪᠠᠷᠢᠮᠵᠢᠶ᠎ᠠ ᠪᠣᠯᠭᠠᠵᠤ | ᠂ ᠠᠭᠤᠰᠤᠯᠴᠠᠯ ᠤᠨ ᠡᠭᠦᠷᠭᠡ ᠶᠢ ᠬᠡᠮᠵᠢᠶᠡᠵᠢᠭᠦᠯᠦᠨ ᠲᠤᠭᠲᠠᠭᠠᠭᠰᠠᠨ ᠭᠦᠢᠴᠡᠳᠬᠡᠬᠦ ᠲᠤᠭ᠎ᠠ ᠪᠣᠯᠤᠨ ᠣᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠵᠡᠷᠭᠡ ᠵᠥᠭᠡᠯᠡᠨ ᠦᠨᠡᠯᠡᠯᠲᠡ ᠶᠢ ᠬᠡᠷᠡᠭᠯᠡᠨ᠂ ᠣᠯᠠᠨ ᠲᠠᠯᠠᠲᠤ ᠬᠢᠨᠠᠨ ᠰᠢᠯᠭᠠᠬᠤ | ᠲᠣᠭᠲᠠᠴᠠ ᠶᠢ ᠪᠠᠶᠢᠭᠤᠯᠤᠨ᠎ᠠ ᠃ | ᠬᠤᠷᠠᠯ ᠠᠴᠠ ᠴᠢᠩᠭᠠᠳᠬᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠤ ᠦᠢᠯᠡᠰ ᠤᠨ ᠲᠡᠰ ᠳᠡᠪᠰᠢᠬᠦ᠂ ᠠᠷᠠᠳ ᠤᠨ | ᠠᠮᠢᠳᠤᠷᠠᠯ ᠤᠨ ᠰᠠᠶᠢᠵᠢᠷᠠᠯᠲᠠ ᠳᠤ ᠦᠵᠡᠭᠦᠯᠬᠦ ᠴᠢᠬᠤᠯᠠ ᠴᠢᠨᠠᠷ ᠢ ᠲᠣᠳᠣᠷᠬᠠᠢ ᠲᠠᠨᠢᠬᠤ ᠬᠡᠷᠡᠭᠲᠡᠢ ᠃ ᠬᠤᠶᠠᠷ | ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ 《 ᠭᠤᠷᠪᠠ ᠶᠢ ᠬᠤᠪᠢᠷᠠᠭᠤᠯᠬᠤ 》 ᠶᠢ | ᠠᠬᠢᠭᠤᠯᠬᠤ —《 ᠶᠡᠭᠡ ᠲᠥᠯᠥᠪ ᠵᠡᠷᠭᠡᠴᠡᠭᠦᠯᠬᠦ 》 ᠠᠴᠠ ᠣᠨᠣᠪᠴᠢᠲᠠᠢ ᠪᠣᠯᠭᠠᠬᠤ ᠬᠦᠷᠲᠡᠯ᠎ᠡ᠂ 《 | ᠲᠤᠷᠰᠢᠯᠭ᠎ᠠ ᠳᠤ ᠲᠦᠰᠢᠭᠯᠡᠬᠦ 》 ᠠᠴᠠ ᠪᠠᠷᠢᠮᠵᠢᠶ᠎ᠠ ᠶᠢ ᠴᠢᠬᠤᠯᠠᠴᠢᠯᠠᠬᠤ ᠬᠦᠷᠲᠡᠯ᠎ᠡ᠂ 《 ᠭᠠᠷ ᠲᠠᠩᠰᠠ 》 | ᠠᠴᠠ ᠲᠣᠭᠠᠴᠢᠯᠠᠯᠲᠠ ᠬᠦᠷᠲᠡᠯ᠎ᠡ ᠠᠬᠢᠭᠤᠯᠬᠤ ᠬᠡᠷᠡᠭᠲᠡᠢ ᠃ ᠭᠤᠷᠪᠠ ᠳᠤ ᠲᠣᠭᠲᠠᠴᠠ ᠶᠢᠨ ᠪᠠᠲᠤᠯᠠᠭ᠎ᠠ ᠶᠢ | ᠴᠢᠩᠭᠠᠳᠬᠠᠵᠤ᠂ 《 ᠬᠠᠭᠤᠴᠢᠨ ᠨᠢ ᠰᠢᠨ᠎ᠡ ᠪᠠᠨ ᠳᠠᠭᠠᠭᠤᠯᠬᠤ 》 ᠬᠤᠤᠰᠯᠠᠬᠤ ᠲᠦᠷᠢᠮ ᠢ ᠪᠠᠶᠢᠭᠤᠯᠵᠤ᠂ 《 | ᠨᠢᠭᠡ ᠳᠤ ᠨᠢᠭᠡ 》 ᠶᠢᠨ ᠤᠯᠠᠮᠵᠢᠯᠠᠬᠤ ᠬᠠᠪᠰᠤᠷᠬᠤ ᠳᠠᠭᠠᠭᠤᠯᠬᠤ ᠵᠠᠭᠪᠤᠷ ᠢᠶᠠᠷ ᠳᠠᠮᠵᠢᠭᠤᠯᠤᠨ᠂ ᠺᠠᠳ᠋ᠷ ᠤᠨ | ᠲᠤᠰᠬᠠᠶ ᠮᠡᠷᠭᠡᠵᠢᠯ ᠤᠨ ᠴᠢᠳᠠᠪᠤᠷᠢ ᠪᠣᠯᠤᠨ ᠲᠣᠭᠠᠴᠢᠯᠠᠭᠰᠠᠨ ᠵᠠᠰᠠᠯᠲᠠ ᠶᠢᠨ ᠲᠦᠪᠰᠢᠨ ᠢ ᠰᠢᠰᠲ᠋ᠧᠮᠵᠢᠭᠦᠯᠦᠨ | ᠬᠥᠮᠦᠵᠢᠭᠦᠯᠵᠦ᠂ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠶ ᠃ |