ᠠᠯᠲᠠᠨᠬᠢᠯᠢ ᠬᠠᠤᠯᠢ ᠴᠠᠭᠠᠵᠠ ᠶᠢᠨ ᠰᠠᠯᠪᠤᠷᠢ ᠨᠢ ︽4·15︾ ᠣᠯᠣᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠪᠡᠬᠡᠵᠢᠭᠦᠯᠦᠨ᠂ ᠠᠮᠤᠷ ᠳᠥᠪᠰᠢᠨ ᠤ ᠰᠡᠷᠭᠡᠶᠢᠯᠡᠯᠲᠡ ᠶᠢᠨ ᠱᠤᠭᠤᠮ ᠢ ᠴᠢᠩᠭᠠᠳᠬᠠᠬᠤ ᠬᠠᠤᠯᠢ ᠴᠠᠭᠠᠵᠠ ᠶᠢᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2025/4/30
      ᠰᠢ ᠶᠢᠨ ᠫᠢᠩ ᠶᠡᠷᠦᠩᠬᠡᠢ ᠱᠦᠵᠢ ᠶᠢᠨ ᠣᠯᠣᠰ ᠤᠨ ᠠᠮᠤᠷ ᠳᠥᠪᠰᠢᠨ ᠤ ᠴᠢᠬᠤᠯᠠ ᠶᠠᠷᠢᠶ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠂ ᠥᠷᠭᠡᠨ ᠣᠯᠠᠨ ᠮᠠᠯᠴᠢᠨ ᠲᠥᠮᠡᠨ ᠤ ᠤᠯᠤᠰ ᠤᠨ ᠪᠠᠲᠤᠯᠠᠨ ᠬᠠᠮᠠᠭᠠᠯᠠᠬᠤ ᠤᠬᠠᠮᠰᠠᠷ ᠪᠠ ᠬᠠᠤᠯᠢ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠪᠠᠳᠦᠭᠠᠷ ᠬᠤᠭᠤᠴᠠᠭᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠳᠦᠷ ᠤᠨ ᠳᠠᠰᠢᠷᠠᠮ ᠢᠶᠠᠷ᠂ ᠠᠯᠲᠠᠨᠬᠢᠯᠢ ᠬᠠᠤᠯᠢ ᠴᠠᠭᠠᠵᠠ ᠶᠢᠨ ᠰᠠᠯᠪᠣᠷᠢ ᠨᠢ ︽ᠤᠯᠤᠰ ᠤᠨ ᠠᠮᠤᠷ ᠳᠥᠪᠰᠢᠨ ᠤ ᠦᠵᠡᠯᠲᠡ ᠶᠢᠨ ᠶᠡᠷᠦᠩᠬᠡᠢ ᠴᠣᠭᠴᠠ ᠶᠢ ᠪᠠᠶᠢᠭᠤᠯᠵᠤ᠂ ᠰᠢᠨ᠎ᠡ ᠶᠢ ᠡᠭᠦᠳᠬᠦ ᠠᠷᠪᠠᠨ ᠵᠢᠯ ᠤᠨ ᠵᠠᠮᠨᠠᠯ ᠢᠶᠠᠷ ᠵᠠᠮᠨᠠᠨ᠂ ᠰᠢᠨ᠎ᠡ ᠠᠶᠠᠯᠠᠯ ᠤᠨ ᠠᠮᠤᠷ ᠳᠥᠪᠰᠢᠨ ᠢ ᠬᠠᠮᠠᠭᠠᠯᠠᠶ᠎ᠠ︾ ᠭᠤᠣᠯ ᠰᠡᠳᠦᠪ ᠢᠶᠠᠷ ᠬᠠᠤᠯᠢ ᠴᠠᠭᠠᠵᠠ ᠶᠢᠨ ᠣᠬᠠᠭᠤᠯᠭ᠎ᠠ ᠪᠠᠨ ᠥᠷᠨᠢᠭᠦᠯᠪᠠ᠃      ᠲᠤᠰ ᠤᠳᠠᠭᠠᠨ ᠤ ᠤᠬᠠᠭᠤᠯᠭ᠎ᠠ ᠨᠢ ︽ᠤᠯᠤᠰ ᠤᠨ ᠠᠮᠤᠷ ᠳᠥᠪᠰᠢᠨ ᠤ ᠬᠠᠤᠯᠢ︾ ︽ᠲᠠᠩᠨᠠᠭᠤᠯ ᠢ ᠡᠰᠡᠷᠭᠦᠴᠡᠬᠦ ᠬᠠᠤᠯᠢ︾ ︽ᠰᠦᠷᠳᠡᠭᠦᠯᠦᠯ ᠤᠨ ᠦᠵᠡᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠵᠢᠴᠢ ᠣᠶᠢᠷ᠎ᠠ ᠶᠢᠨ ᠵᠢᠯ ᠳᠤ ᠭᠠᠷᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠠᠭᠤᠯᠤᠨ᠂ ᠳᠦᠭᠦᠮ ᠲᠦᠳᠡ᠂ ᠣᠶᠢᠯᠠᠭᠠᠮᠵᠢᠲᠠᠢ ᠪᠠᠷ ᠮᠠᠯᠴᠢᠨ ᠲᠦᠮᠠᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠭᠤᠯᠤᠭᠳᠠᠬᠤᠨ᠂ ᠤᠯᠤᠰ ᠤᠨ ᠠᠮᠤᠷ ᠳᠥᠪᠰᠢᠨ ᠳᠤ ᠲᠤᠯᠭᠠᠷᠠᠵᠤ ᠪᠠᠶᠢᠭ᠎ᠠ ᠠᠶᠤᠯ ᠳᠦᠭᠰᠢᠭᠦᠷᠢ ᠪᠠ ᠥᠷᠢᠰᠦᠯᠳᠦᠭᠡᠨ᠂ ᠨᠡᠩ ᠴᠤ ᠠᠷᠠᠳ ᠢᠷᠭᠡᠨ ᠤ ᠣᠯᠣᠰ ᠤᠨ ᠠᠮᠣᠷ ᠳᠥᠪᠰᠢᠨ ᠤ ᠪᠠᠲᠤᠯᠠᠨ ᠬᠠᠮᠠᠭᠠᠯᠠᠯᠲᠠ ᠳᠠᠬᠢ ᠡᠷᠬᠡ ᠡᠭᠦᠷᠭᠡ ᠳᠤ ᠲᠠᠶᠢᠯᠪᠤᠷᠢᠯᠠᠯᠲᠠ ᠬᠢᠵᠤ᠂ ︽ᠤᠯᠤᠰ ᠤᠨ ᠠᠮᠤᠷ ᠳᠥᠪᠰᠢᠨ ᠬᠦᠮᠦᠨ ᠪᠥᠬᠦᠨ ᠬᠠᠷᠢᠭᠤᠴᠠᠯᠭ᠎ᠠ ᠲᠠᠢ︾ ᠤᠬᠠᠮᠰᠠᠷ ᠢ ᠬᠦᠮᠤᠰ ᠤᠨ ᠰᠡᠳᠬᠢᠯ ᠳᠤ ᠬᠠᠲᠠᠩᠰᠢᠯᠠᠭᠤᠯᠤᠨ᠂  ᠤᠯᠤᠰ ᠤᠨ ᠠᠮᠤᠷ ᠳᠥᠪᠰᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃      ᠠᠯᠲᠠᠨᠬᠢᠯᠢ ᠬᠠᠤᠯᠢ ᠴᠠᠭᠠᠵᠠ ᠶᠢᠨ ᠰᠠᠯᠪᠤᠷᠢ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠤᠯᠢ ᠶᠢᠨ ᠤᠬᠠᠭᠤᠯᠭ᠎ᠠ ᠪᠠᠨ ᠴᠢᠩᠭᠠᠳᠬᠠᠨ᠂ ᠤᠬᠠᠭᠤᠯᠭ᠎ᠠ ᠶᠢᠨ ᠬᠡᠪᠴᠢᠶ᠎ᠡ ᠪᠠᠨ ᠳᠠᠰᠤᠷᠠᠯᠲᠠ ᠦᠭᠡᠢ ᠥᠷᠭᠡᠵᠢᠭᠦᠯᠦᠨ᠂ ᠤᠯᠤᠰ ᠤᠨ ᠠᠮᠤᠷ ᠳᠥᠪᠰᠢᠨ ᠢ ᠬᠠᠮᠠᠭᠠᠯᠠᠬᠤ ᠤᠬᠠᠮᠰᠠᠷ ᠢ ᠬᠦᠮᠦᠰ ᠤᠨ ᠰᠡᠳᠬᠢᠯ ᠳᠤ ᠬᠠᠲᠠᠩᠰᠢᠭᠤᠯᠤᠨ᠂ ᠠᠯᠲᠠᠨᠬᠢᠯᠢ ᠰᠤᠮᠤᠨ ᠤ ᠨᠡᠶᠢᠭᠡᠮ ᠤᠨ ᠠᠮᠤᠷ ᠳᠥᠪᠰᠢᠨ ᠤ ᠬᠠᠤᠯᠢ ᠪᠠᠷ ᠵᠠᠰᠠᠬᠤ ᠳᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号