ᠠᠯᠲᠠᠨᠬᠢᠯᠢ ᠰᠤᠮᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡᠨ ᠤ ᠲᠥᠪ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ ᠲᠥᠯ ᠳᠤᠰᠴᠤ ᠪᠣᠶᠢᠵᠢᠭᠤᠯᠬᠤ ᠠᠵᠢᠯ ᠢ ᠪᠠᠲᠤᠯᠠᠪᠠ
ᠨᠡᠶᠢᠲᠡᠯᠡᠭᠰᠡᠨ ᠴᠠᠭ᠄
2025/4/30
      ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠪᠣᠯᠤᠨ ᠲᠥᠯ ᠲᠤᠰᠴᠤ ᠪᠣᠶᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠠᠬᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ  ᠪᠠᠲᠤᠯᠠᠬᠤ ᠶᠢᠨ ᠲᠤᠰᠠᠳᠠ᠂ ᠠᠯᠲᠠᠨᠬᠢᠯᠢ ᠰᠤᠮᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠲᠥᠭᠡᠮᠡᠯᠵᠢᠭᠦᠯᠬᠦ ᠦᠢᠯᠡᠴᠢᠯᠡᠭᠡᠨ ᠤ ᠲᠥᠪ ᠠᠴᠠ ᠮᠡᠷᠭᠡᠵᠢᠯ ᠤᠨ ᠵᠢᠯᠣᠭᠤᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠮᠠᠨ ᠤ ᠰᠤᠮᠤᠨ ᠤ ᠮᠠᠯ ᠠᠵᠤ ᠠᠬᠤᠢ ᠶᠢᠨ ᠡᠮᠬᠢ ᠵᠢᠷᠤᠮ ᠲᠠᠢ ᠬᠥᠭᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠬᠠᠪᠤᠷ ᠤᠨ ᠤᠯᠠᠷᠢᠯ ᠤᠨ ᠨᠣᠭᠤᠭᠠᠷᠠᠯᠲᠠ ᠶᠢᠨ ᠬᠤᠭᠤᠴᠠᠭᠠᠨ ᠳᠤ ᠮᠠᠯ ᠤᠨᠤᠭ᠎ᠠ ᠶᠢᠨ ᠬᠠᠰᠢᠶᠠᠯᠠᠨ ᠲᠡᠵᠢᠭᠡᠬᠦ ᠨᠢᠭᠲᠠᠴᠠ ᠨᠡᠮᠡᠭᠳᠡᠵᠦ ᠪᠠᠶᠢᠭ᠎ᠠ ᠣᠨᠴᠠᠯᠢᠭ ᠲᠤ ᠴᠢᠭᠯᠡᠭᠦᠯᠦᠨ᠂ ᠦᠢᠯᠡᠴᠢᠯᠡᠭᠡᠨ ᠤ ᠲᠥᠪ ᠠᠴᠠ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠳᠠᠬᠢ ᠮᠠᠯᠵᠢᠬᠤ ᠡᠷᠦᠬᠡ ᠳᠤ ᠭᠦᠨᠵᠡᠭᠡᠶᠢᠷᠡᠨ᠂ ᠮᠠᠯᠵᠢᠬᠤ ᠡᠷᠦᠬᠡ ᠶᠢᠨ ᠮᠠᠯ ᠤᠨᠤᠭ᠎ᠠ ᠶᠢ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ᠂ ᠲᠥᠯ ᠳᠣᠰᠤᠨ ᠪᠣᠶᠢᠵᠢᠭᠤᠯᠬᠤ ᠵᠡᠷᠭᠡ ᠠᠵᠢᠯ ᠢ ᠨᠠᠷᠢᠨ ᠣᠶᠢᠯᠠᠭᠠᠬᠤ ᠶᠢᠨ ᠬᠠᠮᠲᠤ ᠮᠠᠯᠴᠢᠳ ᠢ ᠵᠢᠯᠣᠭᠤᠳᠤᠨ ᠮᠠᠯ ᠤᠨ ᠬᠤᠷᠢᠶ᠎ᠠ ᠬᠠᠰᠢᠶᠠᠯᠠᠭ᠎ᠠ ᠶᠢ ᠠᠷᠢᠭᠤᠳᠬᠠᠬᠤ᠂ ᠰᠠᠯᠬᠢ ᠨᠡᠪᠲᠡᠷᠡᠭᠦᠯᠦᠨ ᠳᠤᠯᠠᠭᠠᠯᠠᠬᠤ ᠵᠢᠴᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠵᠤ ᠬᠠᠮᠢᠶᠠᠷᠬᠤ ᠠᠵᠢᠯ ᠢ ᠰᠠᠶᠢᠲᠤᠷ ᠬᠢᠵᠦ᠂ ᠬᠢᠵᠢᠭ ᠡᠪᠡᠳᠴᠢᠨ ᠡᠭᠦᠰᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠪᠠ᠃      ᠦᠢᠯᠡᠴᠢᠯᠡᠭᠡᠨ ᠤ ᠲᠥᠪ ᠠᠴᠠ ᠮᠠᠯᠴᠢᠳ ᠲᠤ ︽ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠦᠭᠯᠡᠭᠦᠷ︾ ᠵᠡᠷᠭᠡ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠰᠢᠯᠦᠬᠡᠢ ᠡᠪᠡᠳᠴᠢᠨ᠂ ᠪᠷᠦ᠋ᠼᠧᠯ ᠡᠪᠡᠳᠴᠢᠨ᠂ ᠬᠤᠷᠠᠭ᠎ᠠ ᠢᠰᠢᠭᠡᠨ ᠤ ᠴᠢᠴᠠᠭ᠎ᠠ ᠵᠡᠷᠭᠡ ᠪᠠᠶᠢᠩᠭᠤ ᠲᠣᠬᠢᠶᠠᠯᠳᠤᠬᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠭᠤᠣᠯᠳᠠᠯᠭ᠎ᠠ ᠶᠢ ᠲᠠᠶᠢᠯᠪᠤᠷᠢᠯᠠᠬᠤ ᠶᠢᠨ ᠬᠠᠮᠲᠤ ᠸᠠᠺᠼᠢᠨ ᠤ ᠲᠠᠷᠢᠯᠭ᠎ᠠ ᠬᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠬᠡᠷᠡᠭᠯᠡᠭᠡᠨ ᠤ ᠮᠡᠷᠭᠡᠵᠢᠯ ᠢ ᠦᠵᠡᠭᠦᠯᠵᠡᠢ᠃ ᠡᠭᠦᠨ ᠠᠴᠠ ᠭᠠᠳᠠᠨ᠎ᠠ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ᠂ ᠤᠯᠠᠷᠢᠯ ᠤᠨ ᠴᠢᠨᠠᠷᠲᠠᠢ ᠠᠩᠬᠠᠷᠬᠤ ᠵᠦᠢᠯᠡᠰ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠦᠷᠭᠡᠨ ᠥᠭᠴᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠮᠠᠯᠴᠢᠳ ᠤᠨ ᠪᠡᠶ᠎ᠡ ᠪᠠᠨ ᠳᠠᠭᠠᠭᠠᠵᠤ ᠬᠢᠵᠢᠭ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃      ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠦᠢᠯᠡᠴᠢᠯᠡᠭᠡᠨ ᠤ ᠲᠥᠪ ᠠᠴᠠ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠠᠢ ᠬᠠᠮᠲᠤᠷᠠᠨ ᠪᠠᠶᠢᠩᠭᠤ ᠶᠢᠨ ᠴᠢᠨᠠᠷᠲᠠᠢ ᠲᠣᠭᠤᠷᠢᠨ ᠪᠠᠶᠢᠴᠠᠭᠠᠬᠤ ᠪᠠ ᠤᠬᠠᠭᠤᠯᠤᠨ ᠬᠥᠮᠥᠵᠢᠭᠦᠯᠬᠦ ᠠᠵᠢᠯ ᠢ ᠥᠷᠨᠢᠭᠦᠯᠵᠤ᠂ ᠬᠠᠷᠢᠶᠠᠲᠤ ᠣᠷᠣᠨ ᠤ ᠮᠠᠯ ᠰᠦᠷᠦᠭ ᠤᠨ ᠰᠢᠯᠵᠢᠯᠲᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠬᠢᠵᠢᠭ ᠡᠪᠡᠳᠴᠢᠨ ᠤ ᠬᠠᠯᠳᠠᠪᠤᠷᠢᠯᠠᠬᠤ ᠵᠠᠮ ᠢ ᠲᠠᠰᠤᠯᠵᠤ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠢᠶᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠲᠥᠪ ᠠᠴᠠ ᠮᠡᠷᠭᠡᠵᠢᠯ ᠤᠨ ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠯ ᠲᠤᠰᠴᠤ ᠪᠣᠶᠢᠵᠢᠭᠤᠯᠬᠤ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤ ᠪᠠᠬᠢ ᠮᠡᠷᠭᠡᠵᠢᠯ ᠤᠨ ᠪᠠᠲᠤᠯᠠᠭ᠎ᠠ ᠬᠠᠩᠭᠠᠵᠤ᠂ ᠪᠥᠬᠦ ᠰᠤᠮᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠢᠶᠠᠨ ᠨᠡᠮᠡᠷᠢᠯᠡᠨ᠎ᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号