ᠲᠠᠷᠬᠠᠨ ᠬᠢᠯᠢ ᠪᠠᠨ ᠬᠠᠮᠠᠭᠠᠯᠠᠭᠴᠢ —  ᠰᠦᠬᠡᠪᠠᠭᠠᠲᠤᠷ
ᠨᠡᠶᠢᠲᠡᠯᠡᠭᠰᠡᠨ ᠴᠠᠭ᠄
2025/4/7
      ᠵᠡᠭᠦᠨ ᠦᠵᠦᠮᠦᠴᠢᠨ ᠬᠤᠰᠢᠭᠤ ᠨᠢ 527.6 ᠺᠢᠯᠤᠮᠧᠲᠷ ᠤᠷᠲᠤ ᠬᠢᠯᠢ ᠶᠢᠨ ᠱᠤᠭᠤᠮ ᠲᠠᠢ ᠪᠠᠶᠢᠵᠦ᠂ ᠠᠳᠡ 4100 ᠭᠠᠷᠤᠢ ᠡᠷᠦᠬᠡ ᠬᠢᠯᠢ ᠶᠢᠨ ᠠᠷᠠᠳ ᠲᠠᠷᠬᠠᠨ ᠰᠠᠭᠤᠷᠢᠰᠢᠵᠦ᠂ ᠰᠠᠭᠤᠭᠠᠯᠢ ᠠᠷᠠᠳ ᠮᠠᠯ ᠢᠶᠠᠨ ᠬᠠᠷᠢᠭᠤᠯᠬᠤ ᠶᠢᠨ ᠵᠡᠷᠭᠡ ᠪᠠᠷ ᠲᠠᠷᠬᠠᠨ ᠬᠢᠯᠢ ᠪᠠᠨ ᠮᠠᠨᠠᠬᠤ ᠡᠭᠦᠷᠭᠡ ᠶᠢ ᠭᠦᠢᠴᠡᠳᠬᠡᠵᠦ ᠪᠠᠶᠢᠳᠠᠭ᠃ ᠰᠠᠮᠠᠢ ᠰᠤᠮᠤᠨ ᠤ ᠲᠤᠰᠤᠨᠪᠤᠯᠠᠭ ᠭᠠᠴᠠᠭᠠᠨ ᠤ ᠬᠠᠷᠢᠶᠠᠨ ᠳᠠᠬᠢ ᠬᠢᠯᠢ ᠶᠢᠨ ᠱᠤᠭᠤᠮ ᠢ ᠴᠠᠭᠳᠠᠨ᠂ ᠡᠬᠡ ᠤᠯᠤᠰ ᠤᠨ ᠢᠶᠠᠨ ᠤᠮᠠᠷᠠᠲᠤ ᠬᠢᠯᠢ ᠶᠢ ᠰᠠᠬᠢᠨ ᠬᠠᠮᠠᠭᠠᠯᠠᠬᠤ ᠳᠤ ᠦᠪᠡᠷ ᠤᠨ ᠭᠡᠰᠡᠨ ᠬᠤᠪᠢ ᠨᠡᠮᠡᠷᠢ ᠪᠠᠨ ᠡᠷᠭᠦᠵᠦ᠂ ᠡᠭᠡᠯ ᠵᠢᠷ ᠤᠨ ᠠᠵᠢᠯ ᠤᠨ ᠭᠠᠷᠤᠭᠠᠨ ᠳᠤ ᠪᠠᠨ ᠭᠠᠪᠰᠢᠭᠠᠶᠢᠯᠠᠵᠤ ᠶᠠᠪᠤᠭ᠎ᠠ ᠡᠨᠡ ᠬᠦᠮᠦᠨ ᠪᠣᠯ ᠰᠦᠬᠡᠪᠠᠭᠠᠲᠤᠷ ᠠᠵᠢ᠃      ᠲᠡᠷᠡᠪᠡᠷ 1998 ᠣᠨ ᠳᠤ ᠬᠢᠯᠢ ᠳᠡᠭᠡᠷ᠎ᠡ ᠨᠤᠲᠤᠭ ᠬᠤᠪᠢᠳᠠᠵᠤ᠂ ᠲᠡᠨᠳᠡ ᠨᠤᠲᠤᠭᠰᠢᠭᠰᠠᠨ ᠠᠴᠠ ᠬᠤᠶᠢᠰᠢ ᠬᠢᠯᠢ ᠬᠢᠵᠠᠭᠠᠷ ᠤᠨ ᠪᠠᠶᠢᠳᠠᠯ ᠢ ᠦᠷᠭᠦᠯᠵᠢ ᠠᠵᠢᠵᠦ᠂ ᠮᠠᠯᠴᠢᠨ ᠬᠦᠮᠦᠨ ᠤ ᠨᠣᠲᠤᠭ ᠢᠶᠠᠨ ᠬᠠᠶᠢᠷᠠᠯᠠᠳᠠᠭ ᠨᠠᠨᠳᠢᠨ ᠰᠡᠳᠬᠢᠯ ᠢᠶᠠᠷ ᠬᠢᠯᠢ ᠬᠢᠵᠠᠭᠠᠷ ᠤᠷᠤᠨ ᠤ ᠪᠠᠶᠢᠳᠠᠯ ᠢ ᠠᠩᠬᠠᠷᠤᠭᠰᠠᠭᠠᠷ ᠢᠷᠡᠵᠡᠢ᠃ 2017 ᠣᠨ ᠳᠤ ᠲᠡᠷᠡ ᠲᠤᠰᠬᠠᠢ ᠬᠢᠯᠢ ᠬᠠᠮᠠᠭᠠᠯᠠᠭᠴᠢ ᠪᠤᠯᠵᠤ᠂ ᠣᠳᠤ ᠪᠣᠯᠲᠠᠯ᠎ᠠ ᠦᠪᠡᠷ ᠤᠨ ᠬᠢᠯᠢ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠯᠢ ᠶᠢᠨ ᠠᠮᠤᠷ ᠳᠤᠭᠳᠠᠭᠤᠨ ᠪᠠᠶᠢᠳᠠᠯ ᠢ ᠬᠠᠮᠠᠭᠠᠯᠠᠵᠤ ᠶᠠᠪᠤᠨ᠎ᠠ᠃      ᠪᠢᠳᠡᠨ ᠢ ᠬᠦᠷᠬᠦ ᠳᠤ ᠰᠦᠬᠡᠪᠠᠭᠠᠲᠤᠷ ᠶᠠᠭ ᠵᠣᠷᠰᠢᠯ ᠶᠣᠰᠤᠭᠠᠷ ᠬᠢᠯᠢ ᠴᠠᠭᠳᠠᠬᠤ ᠠᠵᠢᠯ ᠳᠤ ᠪᠠᠨ ᠭᠠᠷᠴᠤ᠂ ᠲᠡᠷᠭᠡ ᠤᠨᠤᠭ᠎ᠠ ᠪᠣᠶᠤ ᠬᠦᠮᠦᠨ ᠠᠮᠢᠲᠠᠨ ᠣᠶᠢᠷᠠᠲᠤᠬᠤ᠂ ᠣᠨᠴᠠᠭᠠᠶᠢᠯᠠᠨ ᠬᠠᠪᠤᠷ ᠨᠠᠮᠤᠷ ᠤᠨ ᠤᠯᠠᠷᠢᠯ ᠳᠠᠬᠢ ᠭᠠᠯ ᠤᠨ ᠠᠶᠤᠯ ᠭᠠᠷᠬᠤ ᠠᠴᠠ ᠣᠨᠴᠠ ᠠᠩᠬᠠᠷᠴᠤ ᠪᠠᠶᠢᠯ᠎ᠠ᠃  
     ︽2018 ᠣᠨ ᠳᠤ᠂ ᠰᠠᠭᠠᠬᠠᠯᠲᠠ ᠠᠶᠢᠯ ᠤᠨ ᠢᠶᠠᠨ ᠭᠡᠭᠡᠭᠰᠡᠨ 35 ᠢᠮᠠᠭ᠎ᠠ ᠶᠢ ᠣᠯᠵᠤ ᠥᠭᠬᠦ ᠪᠠᠷ ᠬᠠᠮᠲᠤ ᠡᠷᠢᠵᠦ᠂ ᠴᠠᠭ ᠲᠤᠬᠠᠢ ᠳᠤ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠵᠦ᠂ ᠬᠢᠯᠢ ᠶᠢᠨ ᠴᠡᠷᠢᠭ ᠤᠨ ᠳᠡᠮᠵᠢᠯᠭᠡ ᠪᠠᠷ ᠡᠴᠦᠰ ᠲᠤ ᠪᠠᠨ ᠣᠯᠵᠤ ᠠᠪᠤᠭᠰᠠᠨ᠃ ᠡᠬᠡ ᠠᠴᠠ ᠪᠠᠨ ᠦᠨᠦᠴᠢᠷᠡᠨ ᠬᠤᠴᠤᠷᠤᠭᠰᠠᠨ ᠵᠡᠭᠡᠷ᠎ᠡ ᠶᠢᠨ ᠢᠨᠵᠠᠭ᠎ᠠ ᠶᠢ ᠤᠭᠵᠢᠵᠦ᠂ ᠤᠯᠠᠭᠠᠢ ᠬᠠᠮᠢᠶᠠᠷᠤᠯᠲᠠ ᠶᠢᠨ ᠤᠷᠤᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠥᠪ ᠲᠤ ᠬᠦᠷᠭᠡᠵᠦ᠂ ᠨᠢᠯᠬ᠎ᠠ ᠠᠮᠢᠲᠠᠨ ᠤ ᠠᠮᠢ ᠶᠢ ᠠᠪᠤᠷᠠᠭᠰᠠᠨ᠃ 2024 ᠣᠨ ᠳᠤ ᠪᠤᠯᠤᠭᠰᠠᠨ ᠴᠠᠰᠤ ᠵᠤᠳ ᠤᠨ ᠭᠠᠮᠰᠢᠭ ᠲᠤ ᠰᠦᠢᠳᠦᠭᠰᠡᠨ ᠬᠡᠭᠡᠷ᠎ᠡ ᠶᠢᠨ ᠠᠮᠢᠲᠠᠨ ᠤ ᠦᠬᠦᠳᠡᠯ ᠢ ᠭᠠᠴᠠᠭ᠎ᠠ ᠰᠤᠮᠤ ᠲᠠᠢ ᠪᠠᠨ ᠬᠠᠮᠵᠢᠯᠴᠠᠨ ᠬᠡᠳᠦᠨ ᠡᠳᠦᠷ ᠤᠨ ᠲᠤᠷᠰᠢ ᠴᠡᠪᠡᠷᠯᠡᠵᠦ᠂ ᠣᠷᠴᠢᠨ ᠠᠬᠤᠢ ᠪᠠᠨ ᠬᠠᠮᠠᠭᠠᠯᠠᠬᠤ ᠳᠤ ᠢᠳᠡᠪᠬᠢᠲᠡᠢ ᠤᠷᠤᠯᠴᠠᠭᠰᠠᠨ ᠁︾ ᠵᠡᠷᠭᠡ ᠡᠳᠡᠭᠡᠷ ᠡᠪ ᠡᠩ ᠤᠨ ᠠᠲᠠᠯ᠎ᠠ ᠡᠷᠬᠢᠮ ᠦᠢᠯᠡ ᠠᠵᠢᠯᠯᠠᠭᠠᠨ ᠠᠴᠠ ᠪᠢᠳᠡ ᠬᠢᠯᠢᠴᠢᠳ ᠤᠨ ᠠᠷᠢᠭᠤᠨ ᠵᠢᠳᠬᠦᠯ ᠢ ᠣᠯᠵᠤ ᠬᠠᠷᠠᠨ᠎ᠠ᠃      ᠰᠦᠬᠡᠪᠠᠭᠠᠲᠤᠷ᠂ ᠦᠵᠦᠮᠦᠴᠢᠨ ᠨᠤᠲᠤᠭ ᠤᠨ ᠬᠠᠬᠢᠷ ᠬᠦᠢᠲᠡᠨ ᠡᠪᠦᠯ ᠤᠨ ᠤᠯᠠᠷᠢᠯ᠂ ᠠᠭᠠᠬᠢᠮ᠎ᠠ ᠬᠠᠯᠠᠭᠤᠨ ᠵᠣᠨ ᠤ ᠤᠯᠠᠷᠢᠯ᠂ ᠶᠠᠮᠠᠷ ᠴᠤ ᠬᠦᠴᠢᠷ ᠪᠡᠷᠬᠡ ᠤᠷᠴᠢᠨ ᠳᠤ ᠠᠵᠢᠯ ᠳᠤ ᠪᠠᠨ ᠣᠰᠤᠯᠳᠠᠯ ᠦᠭᠡᠢ ᠬᠢᠯᠢ ᠪᠠᠨ ᠴᠠᠭᠳᠠᠵᠤ᠂ ᠳᠡᠭᠡᠷ᠎ᠡ ᠱᠠᠲᠤᠨ ᠳᠤ ᠪᠠᠨ ᠬᠠᠷᠢᠭᠤ ᠮᠡᠳᠡᠭᠦᠯᠦᠯᠲᠡ ᠬᠢᠳᠡᠭ᠃
     2019 ᠣᠨ ᠠᠴᠠ 2020 ᠣᠨ ᠳᠤ ᠲᠡᠭᠦᠨ ᠢ ᠠᠶᠢᠮᠠᠭ ᠳᠡᠰ ᠤᠨ ︽ᠰᠢᠯᠢᠳᠡᠭ ᠬᠢᠯᠢᠴᠢᠨ︾᠎ ᠢᠶᠠᠷ ᠰᠤᠩᠭᠤᠭᠰᠠᠨ ᠨᠢ ᠲᠡᠭᠦᠨ ᠤ ᠬᠢᠴᠢᠶᠡᠯ ᠵᠢᠳᠬᠦᠯ ᠤᠨ ᠬᠢᠨᠢ ᠳᠡᠭᠡᠳᠦ ᠦᠨᠡᠯᠡᠯᠳᠡ ᠲᠡᠷᠡ ᠪᠤᠶᠤ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号