ᠬᠠᠳᠠᠪᠴᠢ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ  ᠭᠤᠤᠯ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2025/4/7
      3 ᠰᠠᠷ᠎ᠠ ᠶᠢᠨ 18᠎ ᠤ ᠡᠳᠦᠷ᠂ ᠬᠠᠳᠠᠪᠴᠢ ᠪᠠᠯᠭᠠᠰᠤᠨ ᠤ ᠨᠠᠮ ᠤᠨ ᠬᠤᠷᠢᠶᠠᠨ ᠤ ᠤᠨᠤᠯ ‍ᠤᠨ‌‍ᠰᠤᠷᠤᠯᠴᠠᠯᠭ᠎ᠠ ᠶᠢᠨ ᠭᠤᠣᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠠᠵᠤ ᠠᠬᠤᠢ ᠶᠢᠨ ᠠᠵᠢᠯ ᠢ ᠡᠷᠬᠡᠪᠰᠢ ᠬᠡᠳᠦᠨ ᠬᠤᠣᠰ ᠴᠢᠬᠤᠯᠠ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠬᠦ︾᠎ ᠪᠠᠷ ᠨᠢᠭᠡᠳᠦᠭᠡᠷ ᠵᠥᠪᠯᠡᠬᠦ ᠰᠡᠳᠦᠪ ᠪᠣᠯᠭᠠᠵᠤ᠂ ᠤᠯᠠᠮᠵᠢᠯᠠᠨ ᠰᠤᠷᠤᠯᠴᠠᠪᠠ᠃ 2025 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ᠪᠥᠬᠦ ᠤᠯᠤᠰ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ᠂ ᠪᠥᠬᠦ ᠣᠷᠣᠨ ᠤ ︿ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ﹀ ᠠᠵᠢᠯ ᠤᠨ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠥᠬᠦ ᠤᠯᠤᠰ ᠤᠨ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠤᠨ ᠲᠥᠯᠥᠪᠵᠢᠭᠦᠯᠭᠡ ︵2024 — 2028          ᠣᠨ︶︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶᠠᠨ ᠤ ᠠᠯᠪᠠᠨ ᠬᠡᠷ ᠤᠨ ︿ᠵᠢᠷᠭᠤᠭᠠᠨ ᠠᠵᠢᠯᠯᠠᠭ᠎ᠠ﹀᠎ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠵᠡᠷᠭᠡ ᠠᠭᠤᠯᠭ᠎ᠠ ᠶᠢ ᠳᠠᠷᠤᠮᠠᠯᠯᠠᠨ ᠲᠠᠷᠬᠠᠭᠠᠪᠠ᠃      ᠬᠤᠷᠠᠯ ᠠᠴᠠ᠂ ᠪᠦᠬᠦ ᠪᠠᠯᠭᠠᠰᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠨ ᠴᠢᠬᠤᠯᠠᠴᠢᠯᠠᠨ ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠵᠤ ᠦᠢᠯᠡᠰ ᠢ ᠪᠤᠵᠠᠭᠠᠶᠢᠷᠠᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠢᠭᠡ ᠳᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠮᠡᠳᠡᠭᠦᠯᠦᠯᠲᠡ ᠶᠢᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠳᠤ ᠨᠢᠭᠡᠳᠬᠡᠬᠦ         ᠬᠡᠷᠡᠭᠲᠡᠢ᠃ ᠬᠤᠶᠠᠷ ᠲᠤ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠲᠡᠭᠦᠯᠳᠡᠷᠵᠢᠭᠦᠯᠵᠦ᠂ ︽32︾ ᠠᠵᠤ  ᠦᠢᠯᠡᠰ ᠤᠨ ᠵᠠᠭᠪᠤᠷ ᠲᠠᠢ ᠤᠶᠠᠯᠳᠤᠭᠤᠯᠤᠨ᠂ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠠᠪᠠᠭᠤᠯᠢᠭ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠨᠢᠭᠡ ᠪᠦᠯᠦᠭ ᠪᠠᠷᠠᠭᠠᠯᠬᠢᠯᠠᠯᠳᠤ ᠴᠢᠨᠠᠷᠲᠠᠶ᠂ ᠳᠠᠶᠢᠴᠢᠯᠠᠬᠤ ᠴᠢᠨᠠᠷᠲᠠᠶ ᠠᠵᠤ  ᠦᠢᠯᠡᠰ ᠤᠨ ᠲᠥᠷᠥᠯ  ᠵᠦᠢᠯ ᠢ ᠨᠠᠷᠢᠨ ᠨᠢᠮᠪᠠᠶ ᠲᠥᠯᠥᠪᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠶ᠃ ᠭᠤᠷᠪᠠ ᠳᠤ᠂ ︽ᠵᠢᠷᠭᠤᠭᠠᠨ ᠠᠵᠢᠯᠯᠠᠭ᠎ᠠ︾᠎ ᠶᠢ ᠠᠬᠢᠭᠤᠯᠬᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢ ᠳᠤᠪᠤᠶᠢᠯᠭᠠᠵᠤ᠂ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠬᠦ ᠠᠵᠢᠯᠯᠠᠵᠤ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ᠂ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ︽ᠵᠢᠷᠭᠤᠭᠠᠨ ᠠᠵᠢᠯᠯᠠᠭ᠎ᠠ︾᠎ ᠶᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号