ᠬᠠᠳᠠᠪᠴᠢ ᠪᠠᠯᠭᠠᠰᠤᠨ ᠤ ᠱᠠᠩᠲᠤ ᠭᠠᠴᠠᠭ᠎ᠠ ᠨᠢ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠥᠳᠡᠯᠬᠡᠬᠡᠨ ᠥᠷᠨᠢᠭᠦᠯᠪᠡ
ᠨᠡᠶᠢᠲᠡᠯᠡᠭᠰᠡᠨ ᠴᠠᠭ᠄
2025/4/7
      ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠥᠮᠡᠨ ᠳᠤ ᠲᠠᠮᠵᠢᠭᠤᠯᠬᠤ ᠶᠢ ᠠᠬᠢᠭᠤᠯᠬᠤ ᠶᠢᠨ ᠲᠥᠯᠥᠭᠡ᠂ ᠥᠢᠷ᠎ᠡ ᠶᠢᠨ ᠡᠳᠦᠷ ᠲᠤ᠂ ᠬᠠᠳᠠᠪᠴᠢ ᠪᠠᠯᠭᠠᠰᠤᠨ ᠤ ᠱᠠᠩᠲᠤ ᠭᠠᠴᠠᠭ᠎ᠠ ᠳᠤ ᠪᠥᠬᠦ ᠤᠯᠤᠰ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠤ᠂ ᠭᠠᠴᠭᠠᠠᠨ ᠤ ᠨᠢᠬᠡᠳᠤᠬᠡᠷ         ᠱᠥᠵᠢ᠂ ᠱᠠᠩᠳᠤ ᠭᠠᠴᠠᠭᠠᠨ ᠤ ᠠᠵᠢᠯᠯᠠᠬᠤ ᠲᠤᠭᠤᠶᠢᠯᠠᠩ᠂ ︽ᠬᠤᠶᠠᠷ ᠵᠥᠪᠯᠡᠯ︾᠎ ᠤᠨ ᠬᠡᠰᠢᠭᠦᠨ᠂ ᠭᠠᠴᠠᠭᠠᠨ ᠎ ᠤ ᠨᠠᠮ ᠤᠨ ᠡᠬᠦᠷ ᠤᠨ ᠨᠠᠮ ᠤᠨ ᠭᠡᠰᠢᠭᠦᠨ ᠵᠡᠷᠬᠡ 30 ᠭᠠᠷᠤᠶ ᠬᠥᠮᠦᠨ ᠣᠷᠣᠯᠴᠠᠵᠠᠶ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠥᠳᠡᠯᠬᠡᠬᠡᠨ ᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠱᠠᠩᠳᠦ ᠭᠠᠴᠠᠭᠠᠨ ᠤ ᠡᠷᠳᠡᠨᠢᠳᠠᠯᠠᠢ ᠨᠥᠬᠦᠷ ᠠᠴᠠ ᠤᠬᠠᠭᠤᠯᠤᠨ ᠲᠠᠶᠢᠯᠪᠤᠷᠢᠯᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠷᠤ ᠤᠨ ᠪᠤᠳᠤᠯᠭ᠎ᠠ ᠵᠡᠷᠭᠡ ᠣᠯᠠᠨ ᠲᠠᠯ᠎ᠠ ᠶᠢ ᠬᠠᠮᠤᠷᠴᠤ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠦᠮᠡᠨ ᠳᠤ ᠲᠠᠮᠵᠢᠭᠤᠯᠤᠨ᠂ ᠡᠯ᠎ᠡ ᠵᠦᠢᠯ ᠤᠨ ᠤᠯᠠᠨ ᠲᠥᠮᠡᠨ ᠤ ᠠᠮᠢᠳᠤᠷᠠᠯ ᠳᠤ ᠬᠤᠯᠪᠤᠭᠳᠠᠬᠤ ᠲᠥᠷᠥ ᠶᠢᠨ ᠪᠣᠳᠣᠯᠭ᠎ᠠ ᠵᠢᠴᠢ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠬᠤᠶᠢᠨᠠᠬᠢ ᠡᠯ᠎ᠡ ᠲᠠᠯ᠎ᠠ ᠶᠢᠨ ᠬᠤᠪᠢᠷᠠᠯᠲᠠ ᠶᠢ ᠨᠠᠷᠢᠨ ᠬᠢᠨᠠᠮᠠᠭᠠᠶ ᠲᠠᠶᠢᠯᠪᠤᠷᠢᠯᠠᠭᠰᠠᠨ ᠪᠥᠭᠡᠳ ᠪᠤᠳᠠᠳᠤ ᠠᠮᠢᠳᠤᠷᠠᠯ ᠲᠠᠬᠢ ᠠᠮᠢᠳᠤᠯᠢᠭ ᠵᠢᠱᠢᠶ᠎ᠡ ᠲᠠᠢ ᠤᠶᠠᠯᠳᠤᠭᠤᠯᠤᠨ ᠤᠯᠠᠨ ᠲᠥᠮᠡᠨ ᠲᠠᠢ ᠪᠠᠨ ᠬᠤᠪᠢᠷᠠᠯᠲᠠ᠂ ᠲᠥᠷᠥᠭᠳᠡᠯ ᠵᠢᠴᠢ ᠬᠥᠭᠵᠢᠯᠲᠡ ᠶᠢ ᠶᠠᠷᠢᠯᠴᠠᠨ᠂ ᠪᠥᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠥᠨᠳᠤᠰᠤᠨ ᠱᠠᠳᠤᠨ ᠳᠤ ᠬᠥᠨᠵᠡᠬᠡᠢ ᠲᠠᠮᠵᠢᠭᠤᠯᠤᠭᠰᠡᠨ ᠪᠠᠶᠢᠨ᠎ᠠ᠃      ᠲᠣᠰ ᠤᠳᠠᠭᠠᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠥᠳᠡᠯᠬᠡᠬᠡᠨ ᠨᠢ ᠭᠠᠴᠠᠭᠠᠨ ᠤ ᠮᠠᠯᠴᠢᠨ ᠲᠥᠮᠡᠨ ᠤ ᠤᠯᠤᠰ ᠤᠨ ᠡᠯ᠎ᠡ ᠵᠥᠢᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠣᠯᠠᠨ ᠲᠥᠮᠡᠨ ᠤ ᠭᠠᠴᠠᠭᠠᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠭᠰᠡᠨ ᠪᠠᠶᠢᠨ᠎ᠠ᠂ ᠲᠠᠷᠠᠭᠠᠴᠢ ᠶᠢᠨ ᠠᠯᠬᠤᠮ ᠳᠤ ᠱᠠᠩᠳᠦ ᠭᠠᠴᠠᠭ᠎ᠠ ᠨᠢ ᠬᠤᠶᠠᠷ ᠬᠤᠷᠠᠯ ᠤᠨ ᠵᠣᠷᠢᠭ ᠰᠠᠨᠠᠭᠠᠨ ᠤ ᠳᠠᠭᠠᠭᠤᠯᠭ᠎ᠠ         ᠳᠣᠣᠷ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠰᠡᠳᠬᠢᠴᠡ ᠶᠢ ᠢᠳᠡᠪᠬᠢᠲᠡᠢ ᠰᠥᠪᠡᠭᠴᠢᠯᠡᠨ᠎ᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号