ᠰᠠᠮᠠᠢ ᠰᠤᠮᠤ ᠨᠢ ᠲᠥᠪ ᠤᠨ ᠨᠠᠢᠮᠠᠨ ᠲᠤᠭᠲᠠᠭᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/7
      3 ᠰᠠᠷ᠎ᠠ ᠶᠢᠨ 23᠎ ᠤ ᠡᠳᠦᠷ᠂ ᠰᠠᠮᠠᠢ ᠰᠤᠮᠤᠨ ᠤ ᠨᠠᠮ ᠤᠨ ᠬᠤᠷᠢᠶ᠎ᠠ ᠨᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠤᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠲᠤᠬᠠᠶ ᠴᠢᠬᠤᠯᠠ ᠵᠢᠭᠠᠪᠤᠷᠢ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠰᠢᠷᠢᠰ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠮᠤᠨ ᠤ ᠰᠤᠷᠤᠯᠴᠠᠯᠭ᠎ᠠ ᠬᠥᠮᠦᠵᠢᠯ ᠤᠨ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ ᠲᠤᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠪᠣᠯ ᠰᠢᠨ᠎ᠡ ᠴᠠᠭ ᠦᠶ᠎ᠡ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠴᠢᠬᠤᠯᠠ ᠦᠢᠯᠡᠳᠦᠯᠭᠡ ᠮᠥᠨ᠂ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠡᠨᠡ ᠤᠳᠠᠭᠠᠨ ᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ ᠵᠢᠴᠢ ᠲᠤᠯᠭᠠᠮ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠤᠯᠠᠮ ᠴᠢᠨᠠᠭᠰᠢᠳᠠ ᠨᠢᠭᠡᠳᠬᠡᠵᠦ᠂         ︽ᠬᠤᠶᠠᠷ ᠢ ᠲᠣᠭᠲᠠᠭᠠᠬᠤ︾᠎ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ᠃      ᠬᠤᠷᠠᠯ ᠠᠴᠠ᠂ ᠨᠢᠭᠡ ᠳᠤ᠂ ᠲᠥᠪ ᠤᠨ ᠨᠠᠢᠮᠠᠨ ᠲᠤᠭᠲᠠᠭᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ︽ᠲᠦᠷᠪᠡᠨ ᠰᠤᠷᠲᠠᠯ︾᠎ ᠤᠨ ᠠᠰᠠᠭᠤᠳᠠᠯ ᠢ ᠴᠡᠭᠴᠡᠯᠡᠨ ᠵᠠᠰᠠᠬᠤ ᠪᠠᠷ ᠳᠠᠮᠵᠢᠭᠤᠯᠵᠤ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠬᠠᠷᠢᠯᠴᠠᠭ᠎ᠠ ᠶᠢ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠤᠯᠠᠨ ᠲᠦᠮᠡᠨ ᠤ ᠰᠠᠭᠤᠷᠢ ᠪᠣᠯᠤᠨ ᠤᠯᠤᠰ ᠲᠦᠷᠦ ᠶᠢᠨ ᠪᠠᠲᠤᠯᠠᠭ᠎ᠠ ᠬᠠᠩᠭᠠᠵᠠᠢ ᠭᠡᠳᠡᠭ ᠢ ᠦᠨᠡᠨ ᠬᠦ ᠲᠠᠨᠢᠬᠤ ᠬᠡᠷᠡᠭᠲᠡᠢ᠃ ᠬᠤᠶᠠᠷ ᠲᠤ᠂ ᠲᠥᠪ ᠤᠨ ᠨᠠᠢᠮᠠᠨ ᠲᠤᠭᠲᠠᠭᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠤᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠰᠡᠳᠬᠢᠯ ᠳᠡᠭᠡᠨ ᠬᠠᠳᠠᠩᠰᠢᠭᠤᠯᠵᠤ᠂ ᠪᠤᠲᠠᠲᠠᠢ ᠦᠢᠯᠡᠳᠦᠯᠭᠡᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠬᠡᠷᠡᠭᠲᠡᠶ᠃ ᠰᠤᠷᠲᠠᠯ ᠵᠢᠴᠢ ᠢᠯᠵᠠᠷᠠᠯ ᠤᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢ ᠨᠢ ᠳᠡᠭᠡᠭᠰᠢᠯᠡᠭᠦᠯᠦᠨ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠠᠮ ᠤᠨ ᠲᠡᠷᠢᠭᠦᠨ ᠤ ᠴᠢᠨᠠᠷ ᠢ ᠪᠠᠲᠤᠯᠠᠬᠤ᠂ ᠠᠷᠠᠳ ᠣᠯᠠᠨ ᠤ ᠢᠲᠡᠭᠡᠯ ᠢ ᠲᠠᠰᠤᠷᠠᠯᠲᠠ ᠥᠬᠡᠶ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号