ᠰᠠᠮᠠᠢ ᠰᠤᠮᠤ ᠶᠢᠨ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2025/4/7
      ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠲᠤᠬᠠᠶ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 24᠎ ᠤ ᠡᠳᠦᠷ᠂ ᠰᠠᠮᠠᠢ ᠰᠤᠮᠤ ᠶᠢᠨ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠨᠢ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠳᠥᠯᠭᠢᠨ ᠠᠬᠢᠭᠤᠯᠬᠤ ᠪᠠᠷ ᠵᠤᠷᠢᠪᠠ᠃      ᠬᠤᠷᠠᠯ ᠳᠡᠭᠡᠷ᠎ᠡ ᠵᠢᠭᠠᠨ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠷᠢᠶ᠎ᠠ ᠨᠠᠮ ᠤᠨ ᠡᠭᠦᠷ ᠤᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠲᠡᠷᠡ ᠬᠡᠪ ᠢᠶᠠᠷ ᠨᠢ ᠰᠤᠷᠤᠯᠴᠠᠬᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠤᠯ ᠴᠢᠬᠤᠯᠠ ᠠᠭᠤᠯᠭ᠎ᠠ ᠶᠢ ᠭᠦᠨᠵᠡᠭᠡᠶ ᠣᠶᠢᠯᠠᠭᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠶ᠃      ᠡᠯ᠎ᠡ ᠨᠠᠮ ᠤᠨ ᠡᠭᠦᠷ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠡᠭᠦᠨ ᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠪᠣᠳᠠᠲᠠᠶ ᠠᠵᠢᠯ ᠲᠠᠢ ᠨᠢᠭᠲᠠ ᠤᠶᠠᠯᠳᠤᠭᠤᠯᠵᠤ᠂ ᠰᠤᠮᠤᠨ ᠤ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠰᠠᠶᠢᠨ ᠰᠠᠶᠢᠬᠠᠨ ᠰᠤᠷᠲᠠᠯ ᠢᠶᠠᠷ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠰᠤᠷᠤᠯᠴᠠᠬᠤ ᠠᠷᠭ᠎ᠠ ᠮᠠᠶ᠋ᠢᠭ ᠤᠨ ᠲᠠᠯ᠎ᠠ ᠪᠠᠷ᠂ ᠡᠯ᠎ᠡ ᠨᠠᠮ ᠤᠨ ᠡᠭᠦᠷ ᠨᠢ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠰᠤᠷᠤᠯᠴᠠᠯᠭ᠎ᠠ ᠬᠥᠮᠦᠵᠢᠯ ᠢ ᠪᠦᠬᠦᠨ ᠢ ᠬᠠᠮᠤᠷᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠨᠠᠮ ᠤᠨ ᠭᠡᠰᠢᠭᠦᠨ ᠺᠠᠳ᠋ᠷᠴᠤᠳ ᠢ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠲᠠᠢ ᠬᠠᠷᠭᠤᠭᠤᠯᠵᠤ᠂ ᠠᠵᠢᠯ ᠤᠨ ᠰᠤᠷᠲᠠᠯ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠠᠰᠠᠭᠤᠳᠠᠯ ᠤᠨ ᠨᠠᠷᠢᠨ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠮᠡᠳᠡᠮᠡᠭᠴᠡ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠢᠶᠠᠷ ᠳᠡᠮᠵᠢᠨ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠨᠢ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠪᠡᠶ᠎ᠡ ᠪᠠᠷ ᠢᠶᠠᠨ ᠬᠡᠪ ᠲᠦᠷᠢᠮ ᠪᠣᠯᠭᠠᠵᠤ᠂ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠵᠢᠷᠤᠮᠯᠠᠭᠤᠯᠵᠤ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠰᠤᠮᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ᠰᠤᠮᠤᠨ ᠤ ᠨᠠᠮ ᠤᠨ ᠬᠤᠷᠢᠶ᠎ᠠ ᠨᠢ ᠡᠯ᠎ᠡ ᠨᠠᠮ ᠤᠨ ᠡᠭᠦᠷ ᠤᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ  ᠪᠤᠲᠠᠲᠠᠢ ᠳᠤ ᠦᠢᠯᠡᠳᠦᠯᠭᠡᠵᠢᠭᠦᠯᠦᠨ᠎ᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号