ᠦᠯᠢᠭᠡᠷ ᠳᠠᠭᠤᠷᠢᠶᠠᠯ ᠤᠨ ᠬᠦᠴᠦᠨ ᠴᠢᠳᠠᠯ᠂ ᠱᠢ ᠹᠦ᠋᠄ ᠰᠡᠳᠬᠢᠯ ᠰᠠᠨᠠᠭ᠎ᠠ ᠪᠠᠨ ᠳᠤᠯᠠᠭᠠᠴᠠᠭᠤᠯᠤᠨ ᠬᠤᠩ ᠴᠧᠩ ᠪᠠᠭ᠎ᠠ ᠲᠣᠭᠤᠷᠢᠭ ᠢ ᠭᠡᠷᠡᠯᠳᠦᠬᠦᠯᠵᠦ᠂ ᠭᠠᠷ ᠬᠤᠯᠪᠣᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2025/4/7
      ᠤᠯᠢᠶᠠᠰᠤᠲᠠᠢ ᠪᠠᠯᠭᠠᠰᠤᠨ ᠤ ᠬᠤᠩ ᠴᠧᠩ ᠰᠠᠭᠤᠭᠠᠯᠢ ᠠᠷᠠᠳ ᠤᠨ ᠲᠣᠭᠤᠷᠢᠭ ᠲᠤ᠂ ᠦᠳᠡᠰᠢ ᠶᠢᠨ ᠪᠦᠷᠦᠶ ᠪᠣᠯᠬᠤ ᠪᠦᠷᠢ᠂ ᠰᠢᠨ᠎ᠡ ᠪᠠᠷ ᠤᠭᠰᠠᠷᠠᠭᠰᠠᠨ ᠵᠠᠮ ᠤᠨ ᠳ᠋ᠧᠩ ᠤᠳ ᠤᠳᠠᠭ᠎ᠠ ᠳᠠᠷᠠᠭ᠎ᠠ ᠪᠠᠷ ᠭᠡᠷᠡᠯᠲᠦᠵᠦ᠂ ᠳᠤᠯᠠᠭᠠᠨ ᠳ᠋ᠧᠩ ᠤᠨ ᠭᠡᠷᠡᠯ ᠰᠠᠭᠤᠭᠠᠯᠢ ᠠᠷᠠᠳ ᠤᠨ ᠭᠡᠷ ᠲᠡᠭᠡᠨ ᠬᠠᠷᠢᠬᠤ ᠵᠠᠮ ᠢ ᠭᠡᠶᠢᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠭᠴᠢ ᠱᠢ ᠹᠦ᠋ ᠨᠦᠬᠦᠷ ᠤᠨ ᠴᠢᠩ ᠦᠨᠡᠨᠴᠢ ᠰᠡᠳᠬᠢᠯ ᠢ ᠲᠤᠰᠬᠠᠨ᠎ᠠ᠃ ᠡᠨᠡᠬᠦ ᠥᠮᠴᠢᠲᠡᠨ ᠤ ᠵᠥᠪᠯᠡᠯ ᠤᠨ ᠭᠡᠰᠢᠭᠦᠨ ᠤ ᠥᠪᠡᠷ ᠤᠨ ᠬᠠᠷᠮᠠᠨ ᠢᠶᠠᠨ ᠠᠭᠤᠳᠠᠯᠵᠤ ᠰᠠᠭᠤᠭᠠᠯᠢ ᠠᠷᠠᠳ ᠤᠨ ᠲᠣᠭᠤᠷᠢᠭ ᠤᠨ ᠭᠡᠷᠡᠯᠲᠦᠭᠦᠯᠭᠡ ᠶᠢ ᠰᠠᠶᠢᠵᠢᠷᠠᠭᠤᠯᠤᠭᠰᠠᠨ ᠰᠠᠶᠢᠨ ᠠᠵᠢᠯᠯᠠᠭ᠎ᠠ ᠨᠢ ᠥᠩᠭᠡᠷᠡᠭᠰᠡᠨ ᠤ ᠬᠤᠩ ᠴᠧᠩ ᠰᠠᠭᠤᠭᠠᠯᠢ ᠠᠷᠠᠳ ᠤᠨ ᠲᠣᠭᠤᠷᠢᠭ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠭᠰᠠᠨ ᠪᠥᠭᠡᠳ ᠰᠠᠭᠤᠭᠠᠯᠢ ᠠᠷᠠᠳ ᠤᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠵᠡᠢ᠃      ᠬᠤᠩ ᠴᠧᠩ ᠰᠠᠭᠤᠭᠠᠯᠢ ᠠᠷᠠᠳ ᠤᠨ ᠲᠣᠭᠤᠷᠢᠭ ᠎ ᠨᠢ ᠨᠢᠭᠡᠨᠲᠡ ᠠᠷᠪᠠ ᠭᠠᠷᠤᠢ ᠵᠢᠯ ᠪᠣᠯᠪᠠ᠂ ᠰᠠᠭᠤᠷᠢ ᠲᠥᠬᠦᠭᠡᠷᠦᠮᠵᠢ ᠬᠠᠭᠤᠴᠢᠷᠬᠠᠰᠠᠨ ᠠᠴᠠ ᠪᠤᠯᠵᠤ ᠰᠥᠨᠢ ᠶᠢᠨ ᠭᠡᠷᠡᠯᠲᠦᠭᠦᠯᠭᠡ ᠤᠷᠳᠤ ᠬᠤᠭᠤᠴᠠᠭ᠎ᠠ ᠪᠠᠷ ᠬᠦᠷᠦᠯᠴᠡᠬᠦ ᠦᠭᠡᠢ ᠪᠠᠶᠢᠨ᠎ᠠ᠃  ᠥᠩᠭᠡᠷᠡᠭᠰᠡᠨ ᠳᠤ ᠣᠷᠣᠢ ᠭᠠᠳᠠᠭᠰᠢ ᠭᠠᠷᠬᠤ ᠳᠠᠭᠠᠨ ᠳ᠋ᠢᠶᠠᠨᠪᠠᠩ ᠢᠶᠠᠨ ᠨᠡᠭᠡᠭᠡᠳᠡᠭ᠂ ᠰᠤᠯᠠ ᠠᠯᠬᠤᠬᠤ ᠳᠠᠭᠠᠨ ᠶᠠᠭᠤᠮ᠎ᠠ ᠬᠡᠦᠮ᠎ᠡ ᠳᠤ ᠪᠦᠳᠦᠷᠢᠵᠦ ᠤᠨᠠᠬᠤ ᠠᠴᠠ ᠪᠣᠯᠭᠤᠮᠵᠢᠯᠠᠳᠠᠭ᠃ ᠰᠠᠭᠤᠭᠠᠯᠢ ᠠᠷᠠᠳ ᠸᠠᠩ ᠠᠪᠠᠭ᠋ᠠᠶ ᠡᠷᠭᠢᠴᠡᠭᠦᠯᠦᠨ ᠶᠠᠷᠢᠪᠠ᠃ ᠰᠠᠭᠤᠭᠠᠯᠢ ᠠᠷᠠᠳ ᠤᠨ ᠲᠣᠭᠤᠷᠢᠭ ᠤᠨ  ᠦᠮᠴᠢᠳᠡᠨ ᠤ ᠵᠥᠪᠯᠡᠯ ᠤᠨ ᠭᠡᠰᠢᠭᠦᠨ ᠪᠣᠯᠤᠭᠰᠠᠨ ᠱᠢ ᠹᠦ᠋  ᠨᠦᠬᠦᠷ ᠡᠳᠦᠷ ᠲᠤᠳᠤᠮ ᠤᠨ ᠰᠤᠷᠪᠤᠯᠵᠢᠯᠠᠭ᠎ᠠ ᠳᠤᠮᠳᠠ ᠪᠠᠨ ᠡᠨᠡᠬᠦ ᠠᠰᠠᠭᠤᠳᠠᠯ ᠢ ᠬᠤᠷᠴᠠ ᠰᠡᠷᠭᠡᠭ ᠢᠶᠠᠷ ᠣᠯᠵᠤ ᠮᠡᠳᠡᠵᠡᠢ᠃  ᠭᠡᠷᠡᠯᠲᠦᠭᠦᠯᠭᠡ ᠶᠢᠨ ᠠᠰᠠᠭᠤᠳᠠᠯ ᠨᠢ ᠠᠮᠢᠳᠤᠷᠠᠯ ᠤᠨ ᠴᠢᠨᠠᠷ ᠴᠢᠨᠰᠠᠭ᠎ᠠ ᠳᠤ ᠬᠤᠯᠪᠣᠭᠳᠠᠬᠤ ᠪᠠᠷ ᠪᠠᠷᠠᠬᠤ ᠦᠭᠡᠶ᠂ ᠨᠡᠩ ᠴᠤ ᠰᠠᠭᠤᠭᠠᠯᠢ ᠠᠷᠠᠳ ᠤᠨ ᠠᠮᠤᠷ ᠲᠦᠪᠰᠢᠨ ᠢ ᠰᠢᠭᠤᠳ ᠨᠥᠯᠥᠭᠡᠯᠡᠳᠡᠭ  ᠃ ᠱᠢ ᠹᠦ᠋  ᠨᠦᠬᠦᠷ᠂ ᠠᠳᠠᠯ ᠠᠬᠤᠶ ᠶᠢᠨ ᠭᠠᠵᠠᠷ ᠲᠠᠢ ᠨᠡᠪᠲᠡᠷᠡᠯᠴᠡᠭᠰᠡᠨ ᠤ ᠳᠠᠷᠠᠭ᠎ᠠ᠂ ᠲᠡᠷᠡ ᠥᠪᠡᠷ ᠤᠨ ᠵᠣᠭᠤᠰ ᠢᠶᠠᠷ ᠢᠶᠠᠨ ᠨᠡᠷᠡᠨ ᠤ ᠡᠨᠧᠷᠭᠢ ᠎ ᠶᠢᠨ ᠵᠠᠮ ᠤᠨ ᠳ᠋ᠧᠩ ᠬᠤᠳᠠᠯᠳᠤᠨ ᠠᠪᠬᠤ ᠪᠠᠷ  ᠰᠢᠢᠳᠴᠠᠢ᠃      ᠯᠦᠩ ᠰᠢᠩ ᠠᠳᠠᠯ ᠠᠬᠤᠶ ᠶᠢᠨ ᠭᠠᠵᠠᠷ ᠡᠭᠦᠨ ᠢ ᠮᠡᠳᠡᠭᠰᠡᠨ ᠤ ᠳᠠᠷᠠᠭ᠎ᠠ ᠲᠡᠷᠡ ᠳᠠᠷᠤᠶ ᠳᠤᠨᠢ᠂ ᠲᠤᠰᠬᠠᠶ ᠮᠡᠷᠭᠡᠵᠢᠯ ᠤᠨ ᠪᠦᠯᠬᠦᠮ ᠢ ᠲᠣᠮᠢᠯᠠᠵᠤ ᠬᠠᠮᠵᠢᠨ ᠤᠭᠰᠠᠷᠠᠭᠤᠯᠪᠠ᠃ ᠱᠢ ᠹᠦ᠋ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠠᠭᠤᠭᠠᠯᠢ ᠠᠷᠠᠳ ᠤᠨ ᠰᠥᠨᠢ ᠶᠢᠨ ᠠᠶᠠᠨ ᠤ ᠠᠮᠤᠷ ᠲᠦᠪᠰᠢᠨ ᠢ ᠲᠦᠷᠭᠡᠨ ᠪᠠᠲᠤᠯᠠᠬᠤ ᠶᠢᠨ ᠲᠥᠯᠥᠭᠡ᠂ 10 ᠰᠢᠨ᠎ᠡ ᠬᠡᠯᠪᠡᠷᠢ ᠶᠢᠨ ᠵᠠᠮ ᠤᠨ ᠳ᠋ᠧᠩ ᠢ ᠨᠢᠭᠡ ᠡᠳᠦᠷ ᠤᠨ ᠳᠣᠲᠣᠷ᠎ᠠ ᠪᠦᠬᠦᠨ ᠢ ᠤᠭᠰᠠᠷᠠᠵᠤ᠂  ᠠᠰᠢᠭᠯᠠᠯᠲᠠ ᠳᠤ  ᠣᠷᠣᠭᠤᠯᠪᠠ᠃  ᠵᠠᠮ ᠤᠨ ᠳ᠋ᠧᠩ ᠨᠢ ᠰᠠᠭᠤᠭᠠᠯᠢ ᠠᠷᠠᠳ ᠤᠨ ᠭᠡᠷ ᠲᠡᠭᠡᠨ ᠬᠠᠷᠢᠬᠤ ᠵᠠᠮ ᠢ ᠭᠡᠷᠡᠯᠲᠦᠭᠦᠯᠦᠭᠰᠡᠨ ᠢᠶᠠᠷ ᠪᠠᠷᠠᠬᠤ ᠦᠭᠡᠢ᠂ ᠬᠥᠮᠦᠰ ᠤᠨ ᠰᠡᠳᠬᠢᠯ ᠢ ᠨᠡᠩ ᠳᠤᠯᠠᠭᠠᠴᠠᠭᠤᠯᠵᠠᠢ᠃      ︽ᠣᠳᠣᠬᠠᠨ ᠳᠤ ᠲᠠᠯᠠᠪᠠᠶ ᠶᠢᠨ ᠪᠥᠵᠢᠭ ᠢ ᠪᠥᠵᠢᠭᠯᠡᠬᠦ ᠬᠥᠮᠦᠨ ᠣᠯᠠᠰᠢᠷᠠᠵᠠᠶ᠂ ᠬᠡᠦᠬᠡᠳ ᠤᠳ ᠳ᠋ᠧᠩ ᠤᠨ ᠭᠡᠷᠡᠯ ᠳᠤ ᠨᠠᠭᠠᠳᠴᠤ᠂ ᠡᠭᠦᠳᠡᠨ ᠨᠣᠮᠧᠷ ᠢ ᠬᠦᠷᠲᠡᠯ᠎ᠡ ᠲᠣᠪ ᠲᠣᠳᠣᠷᠬᠠᠶ ᠣᠯᠵᠤ ᠬᠠᠷᠠᠨ᠎ᠠ︾᠃ ᠭᠡᠵᠦ ᠴᠧᠨ ᠠᠨᠢᠶ᠎ᠠ ᠪᠠᠶᠠᠷᠲᠠᠶ ᠪᠠᠷ ᠬᠡᠯᠡᠪᠡ᠃ ᠱᠢ ᠹᠦ᠋ ᠶᠢᠨ ᠰᠠᠶᠢᠨ ᠦᠢᠯᠡ ᠠᠵᠢᠯᠯᠠᠭ᠎ᠠ ᠨᠢ ᠪᠦᠬᠦ ᠥᠮᠴᠢᠲᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ᠱᠢ ᠹᠦ᠋ ᠶᠢᠨ ᠬᠠᠷᠠᠮ ᠦᠭᠡᠢ ᠵᠢᠳᠬᠦᠭᠰᠡᠨ ᠶᠠᠪᠤᠳᠠᠯ ᠨᠢ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠡᠭᠦᠨ ᠤ ᠳᠠᠭᠠᠭᠤᠯᠭ᠎ᠠ ᠪᠠᠷ᠂ 10 ᠭᠠᠷᠤᠢ ᠡᠷᠦᠬᠡ ᠰᠠᠭᠤᠭᠠᠯᠢ ᠠᠷᠠᠳ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠬᠠᠮᠠᠭᠠᠯᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠠᠶᠢᠭᠤᠯᠬᠤ ᠳᠤ ᠢᠳᠡᠪᠬᠢ ᠬᠦᠴᠦᠨ ᠨᠡᠮᠡᠷᠢᠯᠡᠵᠡᠢ᠃ ᠡᠨᠡᠬᠦ ᠰᠡᠳᠬᠢᠯ ᠢ ᠳᠤᠯᠠᠭᠠᠴᠠᠭᠤᠯᠬᠤ ᠰᠠᠶᠢᠨ ᠠᠵᠢᠯᠯᠠᠭ᠎ᠠ ᠨᠢ ᠤᠯᠢᠶᠠᠰᠤᠲᠠᠢ ᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ ᠶᠢᠨ ᠠᠮᠢᠳᠤᠯᠢᠭ ᠦᠢᠯᠡᠳᠦᠯᠭᠡ ᠶᠢᠨ ᠦᠯᠢᠭᠡᠷ ᠵᠢᠱᠢᠶ᠎ᠡ ᠪᠣᠯᠵᠤ ᠪᠠᠶᠢᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号