ᠦᠨᠢᠷ ᠦᠰᠦᠯᠲᠡ ᠶᠢᠨ ᠤᠷᠢᠬᠠᠨ ᠬᠠᠪᠤᠷ ᠬᠠᠶᠠᠭᠠᠨ ᠳᠤ ᠰᠠᠭᠠᠲᠠᠵᠦ᠂ ᠲᠦᠯ ᠮᠠᠯ ᠤᠨ ᠮᠠᠶᠢᠯᠠᠭᠠᠨ ᠳᠤ | ᠮᠠᠯᠴᠢᠳ ᠤᠨ ᠤᠷᠮ᠎ᠠ ᠵᠤᠷᠢᠭ ᠬᠦᠪᠴᠢᠯᠡᠭᠲᠡᠵᠦ᠂ ᠬᠦᠲᠡᠭᠡ ᠨᠤᠲᠤᠭ ᠠᠮᠢᠵᠢᠷᠠᠯ ᠤᠨ ᠬᠦᠴᠦᠨ ᠢᠶᠠᠷ ᠪᠢᠯᠬᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠷᠠᠭᠤ ᠡᠭᠡᠰᠢᠭ ᠲᠠᠯ᠎ᠠ ᠶᠢᠨ ᠬᠦᠨ ᠳᠤ ᠤᠶᠠᠩᠭᠠᠯᠠᠨ᠎ᠠ᠃ 3 | ᠰᠠᠷ᠎ᠠ ᠶᠢᠨ 28 ᠠᠴᠠ 29 ᠤ ᠡᠳᠦᠷ᠂ ᠤᠯᠢᠶᠠᠰᠤᠲᠠᠢ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ︽ᠪᠦᠬᠦ | ᠺᠠᠳ᠋ᠷ ᠠᠵᠢᠯᠲᠠᠨ ᠲᠦᠯ ᠲᠤᠰᠬᠤ ᠳᠤ ᠬᠠᠮᠵᠢᠯᠴᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ︾ ᠦᠨᠳᠦᠰᠦᠲᠡᠨ ᠤ ᠪᠦᠯᠬᠦᠮᠳᠡᠯ ᠤᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠵᠢᠩᠬᠢᠨᠢ ᠪᠠᠷ | ᠡᠬᠢᠯᠡᠪᠡ᠃ 100 ᠭᠠᠷᠤᠢ ᠨᠠᠮ ᠤᠨ ᠭᠡᠰᠢᠭᠦᠨ ᠺᠠᠳ᠋ᠷ ᠠᠵᠢᠯᠲᠠᠨ ᠰᠠᠶᠢᠨ ᠲᠤᠷᠠᠴᠣᠳ ᠮᠠᠯᠵᠢᠬᠤ ᠣᠷᠣᠨ ᠤ ᠡᠮᠦᠨ᠎ᠡ | ᠹᠷᠣᠨᠲ ᠲᠤ ᠬᠦᠷᠴᠦ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠲᠤᠰᠠᠯᠠᠵᠦ᠂ ᠪᠤᠲᠠᠲᠤ ᠠᠵᠢᠯᠯᠠᠭ᠎ᠠ ᠪᠠᠷ ᠢᠶᠠᠨ | ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠦᠢᠯᠡᠳᠦᠯᠭᠡᠵᠢᠭᠦᠯᠪᠡ᠃ | ᠰᠠᠶᠢᠨ ᠳᠤᠷ᠎ᠠ ᠶᠢᠨ ᠦᠢᠯᠡᠴᠢᠯᠡᠭᠴᠢᠳ ᠬᠥᠳᠡᠯᠮᠦᠷᠢ ᠬᠦᠴᠦ ᠬᠦᠷᠦᠯᠴᠡᠬᠦ ᠦᠭᠡᠢ ᠮᠠᠯᠴᠢᠨ ᠡᠷᠤᠭᠡ ᠳᠤ | ᠭᠦᠨᠵᠡᠭᠡᠶᠢᠷᠡᠵᠦ᠂ ᠲᠦᠯ ᠲᠣᠰᠴᠤ ᠪᠣᠶᠢᠵᠢᠭᠤᠯᠬᠤ ᠠᠵᠢᠯ ᠳᠤ ᠬᠠᠮᠵᠢᠯᠴᠠᠬᠤ᠂ ᠭᠡᠷᠡᠮ ᠬᠠᠰᠢᠶ᠎ᠠ ᠴᠠᠪᠡᠷᠯᠡᠬᠦ᠂ ᠮᠠᠯ | ᠤᠨᠤᠭ᠎ᠠ ᠡᠪᠡᠰᠦᠯᠡᠵᠦ ᠪᠤᠷᠲᠤᠬᠤ ᠠᠵᠢᠯ ᠳᠤ ᠬᠠᠮᠴᠢᠯᠴᠠᠬᠤ ᠶᠢᠨ ᠳᠠᠭᠠᠤ ᠪᠠᠰᠠ ᠨᠠᠷᠢᠨ ᠨᠢᠮᠪᠠᠢ ᠪᠡᠯᠡᠳᠬᠡᠭᠰᠡᠨ | ︽ᠤᠯᠢᠶᠠᠰᠤᠲᠠᠢ ᠪᠠᠯᠭᠠᠰᠤᠨ ᠤ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠪᠣᠭᠴᠣ︾ ᠪᠠᠨ ᠮᠠᠯᠴᠢᠳ ᠲᠤ | ᠭᠠᠷᠳᠠᠭᠤᠯᠵᠤ᠂ ︽ᠲᠠᠪᠤᠨ ᠨᠢᠭᠡ︾ ᠶᠢᠨ ᠠᠵᠢᠯ ᠤᠨ ᠲᠣᠭᠲᠠᠴᠠ ᠶᠣᠰᠣᠭᠠᠷ ︱ ᠨᠢᠭᠡ ᠤᠳᠠᠭ᠎ᠠ ᠶᠢᠨ ᠲᠦᠷᠦ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠢᠭᠡ ᠡᠳᠦᠷ ᠤᠨ ᠦᠢᠯᠡᠳᠪᠦᠷᠢᠯᠡᠯ ᠬᠥᠳᠡᠯᠮᠦᠷᠢ ᠳᠤ ᠣᠷᠣᠯᠴᠠᠵᠤ᠂ | ᠨᠢᠭᠡ ᠤᠳᠠᠭ᠎ᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠤᠭᠯᠠᠭᠤᠯᠵᠤ᠂ ᠨᠢᠭᠡ ᠤᠳᠠᠭ᠎ᠠ ᠨᠠᠷᠢᠯᠢᠭ ᠲᠠᠩᠰᠠ | ᠪᠤᠲᠤᠬᠤ ᠶᠢ ᠤᠬᠠᠭᠤᠯᠵᠤ᠂ ᠬᠠᠪᠰᠤᠷᠤᠨ ᠲᠡᠳᠬᠦᠬᠦ ᠨᠢᠭᠤᠷᠯᠠᠯ ᠪᠠᠶᠢᠭᠤᠯᠵᠤ᠂ ᠮᠠᠯᠴᠢᠳ ᠲᠤ ᠪᠠᠨ ᠠᠷᠠᠳ ᠲᠤ | ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠦᠢᠯᠡᠳᠪᠦᠷᠢᠯᠡᠯ ᠠᠮᠢᠳᠤᠷᠠᠯ ᠤᠨ ᠬᠦᠴᠢᠷ | ᠠᠰᠠᠭᠤᠳᠠᠯ ᠢ ᠤᠶᠢᠯᠠᠭᠠᠨ ᠵᠦᠪᠯᠡᠯᠭᠡ ᠦᠭᠴᠡᠢ᠃ ᠡᠭᠦᠨ ᠤ ᠵᠡᠷᠭᠡ ᠳᠤ᠂ ᠳᠥᠭᠦᠮ ᠣᠶᠢᠯᠠᠭᠠᠮᠵᠢᠲᠠᠢ ᠠᠷᠭ᠎ᠠ | ᠮᠠᠶ᠋ᠢᠭ ᠢᠶᠠᠷ ᠳᠠᠮᠵᠢᠭᠤᠯᠤᠨ ᠬᠡᠪᠰᠢᠮᠡᠯ ᠵᠠᠩ ᠳᠠᠳᠬᠠᠯ ᠢ ᠥᠭᠡᠷᠡᠴᠢᠯᠡᠬᠦ᠂ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠬᠦ᠂ ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠵᠢᠴᠢ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠵᠡᠷᠭᠡ ᠮᠡᠳᠡᠯᠭᠡ ᠶᠢ ᠲᠦᠭᠡᠮᠡᠯᠵᠢᠭᠦᠯᠵᠡᠢ᠃ | ᠣᠶᠢᠷ᠎ᠠ ᠶᠢᠨ ᠵᠢᠯ ᠠᠴᠠ᠂ ᠤᠯᠢᠶᠠᠰᠤᠲᠠᠢ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠬᠤᠲᠠ | ᠬᠥᠳᠡᠭᠡ ᠶᠢ ᠨᠢᠭᠡ ᠴᠣᠭᠴᠠᠵᠢᠭᠤᠯᠵᠤ᠂ ᠰᠡᠳᠬᠢᠯ ᠢᠶᠠᠨ ᠨᠢᠭᠡᠳᠬᠡᠨ ᠬᠠᠮᠲᠤᠪᠠᠷ ᠪᠣᠶᠢᠵᠢᠭᠤᠯᠬᠤ︾ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠵᠤ᠂ ︽ᠮᠢᠩᠭᠠᠨ ᠬᠥᠮᠥᠨ ᠲᠤᠭ | ᠮᠠᠨᠳᠤᠭᠤᠯᠬᠤ︾᠂ ︽ᠳᠠᠯᠠᠨ ᠲᠠᠪᠤᠨ ᠵᠢᠯ ᠤᠨ ᠮᠠᠭᠲᠠᠭᠠᠯ︾᠂ ︽ᠠᠷᠠᠳ ᠤᠨ ᠵᠠᠩ ᠦᠢᠯᠡ ᠶᠢᠨ ᠴᠤᠭᠯᠠᠭᠠᠨ︾ | ᠵᠡᠷᠭᠡ ᠣᠨᠴᠠᠯᠢᠭᠲᠤ ᠠᠵᠢᠯᠯᠠᠭ᠎ᠠ ᠥᠷᠨᠢᠭᠦᠯᠵᠤ᠂ ︽ᠠᠴᠢ ᠡᠨᠡᠷᠢᠯ ᠳᠤ ᠨᠢ ᠲᠠᠯᠠᠷᠬᠠᠨ ᠤᠷᠤᠭᠰᠢᠯᠠᠬᠤ ᠰᠦᠯᠵᠢᠶᠡᠨ | ᠲᠡᠭᠡᠷᠡᠬᠢ ᠶᠠᠷᠢᠯᠴᠠᠭᠠᠨ ᠳᠠᠪᠴᠠᠩ︾ ︽ᠲᠦᠷᠦ ᠶᠢᠨ ᠪᠤᠲᠤᠯᠭ᠎ᠠ ᠶᠢᠨ ᠳᠠᠶᠢᠯᠦᠮᠵᠢ ᠶᠢᠨ ᠳᠡᠪᠲᠡᠷ︾ ︽ᠲᠦᠷᠦ ᠶᠢᠨ | ᠪᠤᠲᠤᠯᠭ᠎ᠠ ᠶᠢᠨ ᠳᠠᠶᠢᠯᠦᠮᠵᠢ ᠶᠢᠨ ᠺᠠᠷᠲ︾ ᠢ ᠲᠠᠷᠬᠠᠭᠠᠬᠤ ᠵᠡᠷᠭᠡ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠡᠯ᠎ᠡ | ᠦᠨᠳᠦᠰᠦᠲᠡᠨ ᠤ ᠤᠯᠠᠨ ᠲᠦᠮᠡᠨ ᠢ ᠬᠥᠲᠥᠯᠥᠨ ᠳᠠᠭᠠᠭᠤᠯᠵᠤ ︽ᠲᠠᠪᠤ ᠶᠢ ᠮᠡᠲᠡᠷᠡᠬᠦ︾ ᠶᠢ ᠴᠢᠩᠭᠠᠳᠬᠠᠵᠤ᠂ | ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤᠳᠬᠠᠵᠤ᠂ ︽ᠨᠠᠮ ᠤᠨ ᠠᠴᠢ ᠳᠤ | ᠲᠠᠯᠠᠷᠬᠠᠵᠦ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠲᠠᠭᠠᠨ ᠤᠷᠤᠭᠰᠢᠯᠠᠬᠤ︾ ᠪᠠᠶᠢᠩᠭᠤ ᠶᠢᠨ ᠴᠢᠨᠠᠷᠲᠠᠢ | ᠤᠯᠠᠨ ᠲᠦᠮᠡᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠭᠤᠷᠪᠠᠨ ᠵᠢᠯ | ᠳᠠᠷᠠᠭᠠᠯᠠᠨ ᠶᠠᠪᠤᠭᠳᠠᠭᠰᠠᠨ ︽ᠪᠦᠬᠦ ᠺᠠᠳ᠋ᠷ ᠠᠵᠢᠯᠲᠠᠨ ᠲᠦᠯ ᠲᠤᠰᠬᠤ ᠳᠤ ᠬᠠᠮᠵᠢᠯᠴᠠᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠦᠨᠳᠦᠰᠦᠲᠡᠨ ᠤ ᠪᠦᠯᠬᠦᠮᠳᠡᠯ ᠤᠨ ᠬᠠᠷᠢᠯᠴᠠᠨ | ᠬᠠᠪᠰᠤᠷᠤᠯᠴᠠᠬᠤ ᠠᠵᠢᠯᠯᠠᠭ᠎ᠠ ᠨᠢ ᠨᠡᠩ ᠴᠤ ᠬᠥᠳᠡᠯᠮᠦᠷᠢ ᠪᠠᠷ ᠲᠤᠰᠠᠯᠠᠬᠤ ᠪᠠ ᠲᠦᠷᠦ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠥᠭᠡᠳ ᠪᠠᠰᠠ ᠡᠯ᠎ᠡ ᠦᠨᠳᠦᠰᠦᠲᠡᠨ ᠤ | ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠨ ᠠᠭᠤᠳᠠᠮ ᠲᠠᠪᠴᠠᠩ ᠢ ᠪᠠᠶᠢᠭᠤᠯᠵᠤ᠂ | ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠥᠳᠡᠯᠭᠡᠮ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | |