《 ᠳᠡᠯᠡᠬᠡᠶ ᠶᠢᠨ ᠤᠰᠤᠨ ᠤ ᠡᠳᠦᠷ 》 ᠤᠨ  ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2025/4/7
      ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ ᠴᠢᠬᠤᠯᠠ ᠡᠬᠢ ᠪᠠᠶᠠᠯᠢᠭ ᠮᠥᠨ  ᠃ ᠣᠯᠠᠨ ᠨᠡᠶᠢᠲᠡ ᠶᠢᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠲᠥᠯᠥᠭᠡ᠂ 3 ᠰᠠᠷ᠎ᠠ  ᠶᠢᠨ 22 ᠤᠨ ᠡᠳᠦᠷ᠂ ᠮᠠᠨ ᠤ ᠬᠤᠰᠢᠭᠤᠨ ᠤ 2025 ᠣᠨ ᠤ ᠭᠤᠴᠢᠨ ᠭᠤᠷᠪᠠᠳᠤᠭᠠᠷ ᠬᠤᠭᠤᠴᠠᠭᠠᠨ ᠤ         《 ᠳᠡᠯᠡᠬᠡᠶ ᠶᠢᠨ ᠤᠰᠤᠨ ᠤ ᠡᠳᠦᠷ 》 ᠵᠢᠴᠢ ᠭᠤᠴᠢᠨ ᠨᠠᠶᠮᠠᠳᠤᠭᠠᠷ ᠬᠤᠭᠤᠴᠠᠭᠠᠨ ᠤ 《 ᠳᠤᠮᠳᠠᠳᠤ ᠤᠯᠤᠰ  ᠤᠨ ᠤᠰᠤᠨ ᠤ ᠭᠠᠷᠠᠭ 》 ᠤᠨ ᠤᠬᠠᠭᠤᠯᠭ᠎ᠠ ᠶᠢᠨ ᠠᠵᠢᠯᠯᠠᠭ᠎ᠠ ᠦᠵᠦᠮᠦᠴᠢᠨ ᠲᠠᠯᠠᠪᠠᠶ ᠳᠤ ᠡᠬᠢᠯᠡᠪᠡ  ᠃      ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠠᠴᠠ ᠭᠤᠤᠯᠯᠠᠨ ᠡᠷᠭᠢᠯᠡᠵᠦ᠂ ᠬᠤᠰᠢᠭᠤ ᠤᠰᠤ ᠠᠷᠪᠢᠯᠠᠬᠤ ᠠᠵᠢᠯ ᠤᠨ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠲᠥᠯᠥᠭᠡᠯᠡᠭᠴᠢ᠂ ᠪᠠᠭᠰᠢ ᠰᠤᠷᠤᠭᠴᠢᠳ ᠤᠨ ᠲᠥᠯᠥᠭᠡᠯᠡᠭᠴᠢ ᠵᠡᠷᠭᠡ ᠵᠠᠭᠤ ᠭᠠᠷᠤᠶ ᠬᠥᠮᠦᠨ ᠢᠳᠡᠪᠬᠢᠲᠡᠶ ᠣᠷᠣᠯᠴᠠᠪᠠ  ᠃      ᠠᠵᠢᠯᠯᠠᠭ᠎ᠠ ᠶᠢᠨ ᠠᠬᠤᠶ ᠲᠠᠯᠠᠪᠠᠶ ᠶᠢ ᠡᠮᠬᠢ ᠴᠡᠭᠴᠡ ᠲᠠᠢ ᠪᠠᠶᠢᠷᠢᠯᠠᠭᠤᠯᠵᠤ᠂ ᠳᠡᠯᠭᠡᠨ ᠦᠵᠡᠭᠦᠯᠬᠦ ᠬᠠᠪᠲᠠᠰᠤ  ᠨᠤᠭᠤᠳ ᠢ ᠲᠡᠷᠢ ᠲᠡᠭᠰᠢ ᠵᠢᠭᠰᠠᠭᠠᠵᠤ᠂ ᠵᠢᠷᠤᠭ ᠪᠢᠴᠢᠭ ᠢ ᠵᠡᠷᠭᠡ ᠪᠠᠷ ᠬᠡᠷᠡᠭᠯᠡᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠣᠳᠣᠬᠢ ᠪᠠᠶᠢᠳᠠᠯ᠂ ᠤᠰᠤᠨ ᠤ ᠪᠣᠬᠢᠷᠲᠤᠯ  ᠠᠴᠠ ᠪᠣᠯᠤᠭᠰᠠᠨ ᠬᠤᠤᠷ ᠬᠥᠨᠥᠭᠡᠯ ᠵᠢᠴᠢ ᠤᠰᠤ ᠠᠷᠪᠢᠯᠠᠬᠤ ᠠᠵᠢᠯᠯᠠᠭ᠎ᠠ ᠶᠢᠨ ᠲᠤᠯᠭᠠᠮ᠎ᠠ ᠴᠢᠨᠠᠷ ᠢ ᠢᠯᠡᠷᠡᠭᠦᠯᠪᠡ᠃《 ᠠᠷᠠᠳ ᠢᠷᠭᠡᠳ ᠤᠨ ᠤᠰᠤ ᠠᠷᠪᠢᠯᠠᠬᠤ ᠤᠰᠤ ᠬᠡᠷᠡᠭᠯᠡᠬᠦ ᠦᠶᠯᠡ ᠠᠵᠢᠯᠯᠠᠭ᠎ᠠ ᠶᠢᠨ ᠵᠢᠷᠤᠮᠵᠢᠯ 》᠂         《 ᠤᠰᠤ ᠠᠷᠪᠢᠯᠠᠵᠤ ᠤᠰᠤ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ 》 ᠵᠡᠷᠭᠡ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ  ᠲᠠᠷᠬᠠᠭᠠᠵᠤ᠂  ᠣᠯᠠᠨ ᠲᠦᠮᠡᠨ ᠳᠤ ᠤᠰᠤ ᠲᠠᠢ ᠬᠤᠯᠪᠣᠭᠳᠠᠬᠤ ᠬᠠᠤᠯᠢ ᠲᠣᠭᠲᠠᠭᠠᠯ ᠢ  ᠨᠠᠷᠢᠨ ᠨᠢᠮᠪᠠᠶ ᠲᠦᠭᠡᠮᠡᠯᠵᠢᠭᠦᠯᠵᠦ᠂ ᠤᠰᠤ ᠠᠷᠪᠢᠯᠠᠬᠤ ᠡᠯ᠎ᠡ ᠵᠦᠶᠯ ᠤᠨ ᠮᠡᠳᠡᠯᠭᠡ ᠶᠢ ᠨᠠᠷᠢᠨ ᠲᠠᠨᠢᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠤ ᠰᠡᠳᠬᠢᠯ ᠵᠢᠷᠦᠬᠡᠨ ᠳᠠᠬᠢ ᠤᠰᠤ ᠠᠷᠪᠢᠯᠠᠬᠤ ᠤᠬᠠᠮᠰᠠᠷ  ᠢ ᠰᠡᠷᠭᠦᠭᠡᠵᠡᠶ  ᠃      ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠳᠠᠷᠠᠭ᠎ᠠ᠂ ᠠᠵᠢᠯᠲᠠᠳ ᠥᠩᠲᠦ ᠨᠡᠶᠢᠭᠡᠮ ᠲᠣᠭᠤᠷᠢᠭ ᠲᠤ ᠬᠦᠷᠴᠦ᠂ ᠤᠰᠤ ᠠᠷᠪᠢᠯᠠᠬᠤ ᠠᠷᠭ᠎ᠠ ᠳᠡᠮ ᠪᠠ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ  ᠃      ᠡᠭᠦᠨ ᠠᠴᠠ ᠭᠠᠳᠠᠨ᠎ᠠ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠠᠴᠠ ᠲᠣᠭᠠᠴᠢᠯᠠᠭᠰᠠᠨ ᠮᠡᠷᠭᠡᠵᠢᠯ ᠢ ᠢᠳᠡᠪᠬᠢᠲᠡᠶ ᠠᠰᠢᠭᠯᠠᠵᠤ᠂ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠶᠢ ᠨᠠᠷᠢᠨ ᠨᠢᠮᠪᠠᠶ ᠲᠥᠯᠥᠪᠯᠡᠵᠦ᠂ ᠰᠣᠨᠢᠷᠬᠠᠯᠲᠤ ᠴᠢᠨᠠᠷᠲᠠᠶ ᠦᠶᠯᠡᠳᠦᠯᠴᠡᠯ ᠢᠶᠠᠷ ᠣᠯᠠᠨ ᠨᠡᠶᠢᠲᠡ ᠶᠢᠨ ᠤᠰᠤ ᠠᠷᠪᠢᠯᠠᠬᠤ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠡᠢ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠠᠷᠠᠳ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠ ᠤᠰᠤᠨ ᠤ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号