ᠮᠠᠨ ᠤ ᠬᠤᠰᠢᠭᠤ ᠰᠣᠶᠣᠯ ᠵᠢᠭᠤᠯᠴᠢᠯᠠᠯ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠭᠠᠯ ᠤᠨᠲᠠᠷᠠᠭᠠᠬᠤ ᠪᠣᠳᠠᠲᠤ ᠠᠵᠢᠯᠯᠠᠭᠠᠨ ᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2025/4/7
      ᠰᠣᠶᠣᠯ ᠤᠨ ᠵᠠᠬ᠎ᠠ ᠳᠡᠯᠭᠡᠭᠦᠷ ᠤᠨ ᠡᠯ᠎ᠡ ᠡᠵᠡᠩᠨᠡᠯᠲᠡ ᠶᠢᠨ ᠭᠤᠤᠯ ᠴᠣᠭᠴᠠ ᠶᠢᠨ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ  ᠶᠢᠨ ᠲᠥᠯᠥᠭᠡ᠂ 3 ᠰᠠᠷ᠎ᠠ ᠶᠢᠨ 26 ᠤ ᠡᠳᠦᠷ᠂  ᠬᠤᠰᠢᠭᠤ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠰᠣᠶᠣᠯ ᠵᠢᠭᠤᠯᠴᠢᠯᠠᠯ ᠤᠨ ᠦᠶᠯᠡᠰ ᠤᠨ ᠠᠶᠤᠯᠭᠦᠢ ᠦᠶᠯᠡᠳᠪᠦᠷᠢᠯᠡᠯ ᠤᠨ ᠪᠣᠯᠪᠠᠰᠣᠷᠠᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠭᠠᠯ ᠤᠨᠲᠠᠷᠠᠭᠠᠬᠤ ᠪᠣᠳᠠᠲᠤ ᠠᠵᠢᠯᠯᠠᠭᠠᠨ ᠤ ᠰᠣᠷᠢᠯᠲᠠ ᠶᠢ ᠵᠣᠬᠢᠶᠠᠨ ᠪᠠᠶᠢᠭᠤᠯᠤᠨ ᠦᠷᠨᠢᠭᠦᠯᠪᠡ  ᠃      ᠠᠵᠢᠯᠯᠠᠭ᠎ᠠ ᠨᠢ ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠤᠬᠠᠭᠤᠯᠤᠭᠴᠢ ᠶᠢ ᠤᠷᠢᠵᠤ ᠬᠢᠴᠢᠶᠡᠯ ᠣᠷᠣᠭᠤᠯᠪᠠ᠃ ᠪᠤᠯᠪᠠᠰᠣᠷᠠᠯ ᠨᠢ ᠭᠠᠯ ᠤᠨ ᠭᠠᠮᠰᠢᠭ ᠤᠨ ᠲᠦᠭᠰᠢᠭᠦᠷᠢ ᠮᠡᠳᠡᠭᠡᠯᠡᠬᠦ ᠠᠯᠬᠤᠮ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠵᠡᠷᠭᠡ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠮᠡᠳᠡᠯᠭᠡ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠬᠦ ᠶᠢᠨ ᠬᠠᠮᠲᠤ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠵᠠᠢ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠣᠯᠠᠨ ᠰᠠᠯᠠᠭ᠎ᠠ ᠮᠥᠴᠢᠷ ᠬᠠᠮᠵᠢᠯᠴᠠᠨ ᠭᠠᠯ ᠤᠨ ᠭᠠᠮᠰᠢᠭ ᠤᠨ ᠠᠬᠤᠶ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠨ ᠵᠠᠶᠢᠯᠠᠭᠤᠯᠬᠤ ᠰᠣᠷᠢᠯᠲᠠ ᠬᠢᠪᠡ᠃ ᠲᠠᠷᠬᠠᠭᠠᠵᠤ ᠳᠠᠭᠤᠰᠤᠭᠰᠠᠨ ᠤ ᠳᠠᠷᠠᠭ᠎ᠠ᠂ ᠪᠠᠰᠠ ᠭᠠᠯ ᠤᠨᠲᠠᠷᠠᠭᠠᠭᠤᠷ ᠤᠨ ᠪᠣᠳᠠᠲᠤ ᠠᠵᠢᠯᠯᠠᠭᠠᠨ ᠤ ᠰᠣᠷᠢᠯᠲᠠ ᠬᠢᠵᠦ᠂ ᠰᠣᠷᠢᠯᠲᠠ ᠳᠤ ᠣᠷᠣᠯᠴᠠᠭᠰᠠᠳ ᠢ ᠵᠢᠯᠣᠭᠤᠳᠤᠨ ᠭᠠᠯ ᠤᠨᠲᠠᠷᠠᠭᠠᠭᠤᠷ ᠢ ᠬᠡᠷᠬᠢᠨ ᠵᠥᠪ ᠬᠡᠷᠡᠭᠯᠡᠬᠦ ᠪᠠᠷ ᠳᠠᠮᠵᠢᠨ ᠡᠯ᠎ᠡ ᠰᠣᠶᠣᠯ ᠤᠨ ᠭᠠᠵᠠᠷ ᠲᠠᠯᠠᠪᠤᠷ  ᠤᠨ ᠡᠵᠡᠩᠨᠡᠭᠴᠢᠳ ᠢ ᠬᠠᠪᠰᠤᠷᠤᠨ ᠭᠠᠯ ᠤᠨ ᠠᠶᠤᠯ ᠢ ᠰᠢᠶᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃      ᠲᠣᠰ ᠤᠳᠠᠭᠠᠨ ᠤ ᠰᠣᠷᠢᠯᠲᠠ ᠨᠢ ᠰᠣᠶᠣᠯ ᠤᠨ ᠵᠠᠬ᠎ᠠ‌‍ᠲ᠋ᠡᠯᠭᠡᠭᠦᠷ ᠤᠨ ᠠᠶᠤᠯᠭᠦᠢ‌ᠦᠶᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ᠂ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠰᠢᠯᠭᠠᠨ ᠪᠠᠶᠢᠴᠠᠭᠠᠵᠤ᠂ ᠪᠡᠯᠡᠳᠬᠡᠯ ᠲᠥᠰᠦᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠭᠰᠡᠨ ᠪᠥᠭᠡᠳ ᠬᠠᠯᠠᠨ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠰᠣᠷᠢᠯᠲᠠ ᠳᠤ ᠣᠷᠣᠯᠴᠠᠭᠰᠠᠳ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠲᠤᠰᠬᠠᠯ ᠭᠠᠷᠭᠠᠬᠤ ᠬᠤᠷᠳᠤᠴᠠ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠵᠦ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠨ ᠬᠠᠮᠵᠢᠯᠴᠠᠬᠤ ᠴᠢᠳᠠᠪᠤᠷᠢ ᠶᠢ ᠨᠡᠮᠡᠭᠳᠡᠭᠦᠯᠵᠦ᠂ ᠠᠳᠡᠯ ᠡᠭᠦᠰᠬᠦ ᠦᠶ᠎ᠡ ᠳᠤ ᠠᠪᠤᠷᠠᠨ ᠲᠤᠰᠠᠯᠠᠬᠤ ᠠᠵᠢᠯ ᠢ ᠲᠦᠷᠭᠡᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠥᠷᠨᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ  ᠃      ᠮᠠᠨ ᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠤᠨ ᠠᠶᠤᠯᠭᠦᠶ ᠦᠶᠯᠡᠳᠪᠦᠷᠢᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ  ᠶᠢᠨ ᠨᠢᠭᠡᠴᠡ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号