ᠦᠯᠢᠭᠡᠷ ᠳᠠᠭᠤᠷᠢᠶᠠᠯ ᠤᠨ ᠬᠦᠴᠦᠨ ᠴᠢᠳᠠᠯ᠂ ᠱᠢ ᠹᠦ᠋᠄ ᠰᠡᠳᠬᠢᠯ ᠰᠠᠨᠠᠭ᠎ᠠ ᠪᠠᠨ ᠳᠤᠯᠠᠭᠠᠴᠠᠭᠤᠯᠤᠨ ᠬᠤᠩ ᠴᠧᠩ ᠪᠠᠭ᠎ᠠ ᠲᠣᠭᠤᠷᠢᠭ ᠢ ᠭᠡᠷᠡᠯᠳᠦᠬᠦᠯᠵᠦ᠂ ᠭᠠᠷ ᠬᠤᠯᠪᠣᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2025/4/7
      ᠤᠯᠢᠶᠠᠰᠤᠲᠠᠢ ᠪᠠᠯᠭᠠᠰᠤᠨ ᠤ ᠬᠤᠩ ᠴᠧᠩ ᠰᠠᠭᠤᠭᠠᠯᠢ ᠠᠷᠠᠳ ᠤᠨ ᠲᠣᠭᠤᠷᠢᠭ ᠲᠤ᠂ ᠦᠳᠡᠰᠢ ᠶᠢᠨ ᠪᠦᠷᠦᠶ ᠪᠣᠯᠬᠤ ᠪᠦᠷᠢ᠂ ᠰᠢᠨ᠎ᠡ ᠪᠠᠷ ᠤᠭᠰᠠᠷᠠᠭᠰᠠᠨ ᠵᠠᠮ ᠤᠨ ᠳ᠋ᠧᠩ ᠤᠳ ᠤᠳᠠᠭ᠎ᠠ ᠳᠠᠷᠠᠭ᠎ᠠ ᠪᠠᠷ ᠭᠡᠷᠡᠯᠲᠦᠵᠦ᠂ ᠳᠤᠯᠠᠭᠠᠨ ᠳ᠋ᠧᠩ ᠤᠨ ᠭᠡᠷᠡᠯ ᠰᠠᠭᠤᠭᠠᠯᠢ ᠠᠷᠠᠳ ᠤᠨ ᠭᠡᠷ ᠲᠡᠭᠡᠨ ᠬᠠᠷᠢᠬᠤ ᠵᠠᠮ ᠢ ᠭᠡᠶᠢᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠭᠴᠢ ᠱᠢ ᠹᠦ᠋ ᠨᠦᠬᠦᠷ ᠤᠨ ᠴᠢᠩ ᠦᠨᠡᠨᠴᠢ ᠰᠡᠳᠬᠢᠯ ᠢ ᠲᠤᠰᠬᠠᠨ᠎ᠠ᠃ ᠡᠨᠡᠬᠦ ᠥᠮᠴᠢᠲᠡᠨ ᠤ ᠵᠥᠪᠯᠡᠯ ᠤᠨ ᠭᠡᠰᠢᠭᠦᠨ ᠤ ᠥᠪᠡᠷ ᠤᠨ ᠬᠠᠷᠮᠠᠨ ᠢᠶᠠᠨ ᠠᠭᠤᠳᠠᠯᠵᠤ ᠰᠠᠭᠤᠭᠠᠯᠢ ᠠᠷᠠᠳ ᠤᠨ ᠲᠣᠭᠤᠷᠢᠭ ᠤᠨ ᠭᠡᠷᠡᠯᠲᠦᠭᠦᠯᠭᠡ ᠶᠢ ᠰᠠᠶᠢᠵᠢᠷᠠᠭᠤᠯᠤᠭᠰᠠᠨ ᠰᠠᠶᠢᠨ ᠠᠵᠢᠯᠯᠠᠭ᠎ᠠ ᠨᠢ ᠥᠩᠭᠡᠷᠡᠭᠰᠡᠨ ᠤ ᠬᠤᠩ ᠴᠧᠩ ᠰᠠᠭᠤᠭᠠᠯᠢ ᠠᠷᠠᠳ ᠤᠨ ᠲᠣᠭᠤᠷᠢᠭ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠭᠰᠠᠨ ᠪᠥᠭᠡᠳ ᠰᠠᠭᠤᠭᠠᠯᠢ ᠠᠷᠠᠳ ᠤᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠵᠡᠢ᠃      ᠬᠤᠩ ᠴᠧᠩ ᠰᠠᠭᠤᠭᠠᠯᠢ ᠠᠷᠠᠳ ᠤᠨ ᠲᠣᠭᠤᠷᠢᠭ  ᠨᠢ ᠨᠢᠭᠡᠨᠲᠡ ᠠᠷᠪᠠ ᠭᠠᠷᠤᠢ ᠵᠢᠯ ᠪᠣᠯᠪᠠ᠂ ᠰᠠᠭᠤᠷᠢ ᠲᠥᠬᠦᠭᠡᠷᠦᠮᠵᠢ ᠬᠠᠭᠤᠴᠢᠷᠬᠠᠰᠠᠨ ᠠᠴᠠ ᠪᠤᠯᠵᠤ ᠰᠥᠨᠢ ᠶᠢᠨ ᠭᠡᠷᠡᠯᠲᠦᠭᠦᠯᠭᠡ ᠤᠷᠳᠤ ᠬᠤᠭᠤᠴᠠᠭ᠎ᠠ ᠪᠠᠷ ᠬᠦᠷᠦᠯᠴᠡᠬᠦ ᠦᠭᠡᠢ ᠪᠠᠶᠢᠨ᠎ᠠ᠃  ᠥᠩᠭᠡᠷᠡᠭᠰᠡᠨ ᠳᠤ ᠣᠷᠣᠢ ᠭᠠᠳᠠᠭᠰᠢ ᠭᠠᠷᠬᠤ ᠳᠠᠭᠠᠨ ᠳ᠋ᠢᠶᠠᠨᠪᠠᠩ ᠢᠶᠠᠨ ᠨᠡᠭᠡᠭᠡᠳᠡᠭ᠂ ᠰᠤᠯᠠ ᠠᠯᠬᠤᠬᠤ ᠳᠠᠭᠠᠨ ᠶᠠᠭᠤᠮ᠎ᠠ ᠬᠡᠦᠮ᠎ᠡ ᠳᠤ ᠪᠦᠳᠦᠷᠢᠵᠦ ᠤᠨᠠᠬᠤ ᠠᠴᠠ ᠪᠣᠯᠭᠤᠮᠵᠢᠯᠠᠳᠠᠭ᠃ ᠰᠠᠭᠤᠭᠠᠯᠢ ᠠᠷᠠᠳ ᠸᠠᠩ ᠠᠪᠠᠭ᠋ᠠᠶ ᠡᠷᠭᠢᠴᠡᠭᠦᠯᠦᠨ ᠶᠠᠷᠢᠪᠠ᠃ ᠰᠠᠭᠤᠭᠠᠯᠢ ᠠᠷᠠᠳ ᠤᠨ ᠲᠣᠭᠤᠷᠢᠭ ᠤᠨ  ᠦᠮᠴᠢᠳᠡᠨ ᠤ ᠵᠥᠪᠯᠡᠯ ᠤᠨ ᠭᠡᠰᠢᠭᠦᠨ ᠪᠣᠯᠤᠭᠰᠠᠨ ᠱᠢ ᠹᠦ᠋  ᠨᠦᠬᠦᠷ ᠡᠳᠦᠷ ᠲᠤᠳᠤᠮ ᠤᠨ ᠰᠤᠷᠪᠤᠯᠵᠢᠯᠠᠭ᠎ᠠ ᠳᠤᠮᠳᠠ ᠪᠠᠨ ᠡᠨᠡᠬᠦ ᠠᠰᠠᠭᠤᠳᠠᠯ ᠢ ᠬᠤᠷᠴᠠ ᠰᠡᠷᠭᠡᠭ ᠢᠶᠠᠷ ᠣᠯᠵᠤ ᠮᠡᠳᠡᠵᠡᠢ᠃  ᠭᠡᠷᠡᠯᠲᠦᠭᠦᠯᠭᠡ ᠶᠢᠨ ᠠᠰᠠᠭᠤᠳᠠᠯ ᠨᠢ ᠠᠮᠢᠳᠤᠷᠠᠯ ᠤᠨ ᠴᠢᠨᠠᠷ ᠴᠢᠨᠰᠠᠭ᠎ᠠ ᠳᠤ ᠬᠤᠯᠪᠣᠭᠳᠠᠬᠤ ᠪᠠᠷ ᠪᠠᠷᠠᠬᠤ ᠦᠭᠡᠶ᠂ ᠨᠡᠩ ᠴᠤ ᠰᠠᠭᠤᠭᠠᠯᠢ ᠠᠷᠠᠳ ᠤᠨ ᠠᠮᠤᠷ ᠲᠦᠪᠰᠢᠨ ᠢ ᠰᠢᠭᠤᠳ ᠨᠥᠯᠥᠭᠡᠯᠡᠳᠡᠭ  ᠃ ᠱᠢ ᠹᠦ᠋  ᠨᠦᠬᠦᠷ᠂ ᠠᠳᠠᠯ ᠠᠬᠤᠶ ᠶᠢᠨ ᠭᠠᠵᠠᠷ ᠲᠠᠢ ᠨᠡᠪᠲᠡᠷᠡᠯᠴᠡᠭᠰᠡᠨ ᠤ ᠳᠠᠷᠠᠭ᠎ᠠ᠂ ᠲᠡᠷᠡ ᠥᠪᠡᠷ ᠤᠨ ᠵᠣᠭᠤᠰ ᠢᠶᠠᠷ ᠢᠶᠠᠨ ᠨᠡᠷᠡᠨ ᠤ ᠡᠨᠧᠷᠭᠢ  ᠶᠢᠨ ᠵᠠᠮ ᠤᠨ ᠳ᠋ᠧᠩ ᠬᠤᠳᠠᠯᠳᠤᠨ ᠠᠪᠬᠤ ᠪᠠᠷ  ᠰᠢᠢᠳᠴᠠᠢ᠃      ᠯᠦᠩ ᠰᠢᠩ ᠠᠳᠠᠯ ᠠᠬᠤᠶ ᠶᠢᠨ ᠭᠠᠵᠠᠷ ᠡᠭᠦᠨ ᠢ ᠮᠡᠳᠡᠭᠰᠡᠨ ᠤ ᠳᠠᠷᠠᠭ᠎ᠠ ᠲᠡᠷᠡ ᠳᠠᠷᠤᠶ ᠳᠤᠨᠢ᠂ ᠲᠤᠰᠬᠠᠶ ᠮᠡᠷᠭᠡᠵᠢᠯ ᠤᠨ ᠪᠦᠯᠬᠦᠮ ᠢ ᠲᠣᠮᠢᠯᠠᠵᠤ ᠬᠠᠮᠵᠢᠨ ᠤᠭᠰᠠᠷᠠᠭᠤᠯᠪᠠ᠃ ᠱᠢ ᠹᠦ᠋ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠠᠭᠤᠭᠠᠯᠢ ᠠᠷᠠᠳ ᠤᠨ ᠰᠥᠨᠢ ᠶᠢᠨ ᠠᠶᠠᠨ ᠤ ᠠᠮᠤᠷ ᠲᠦᠪᠰᠢᠨ ᠢ ᠲᠦᠷᠭᠡᠨ ᠪᠠᠲᠤᠯᠠᠬᠤ ᠶᠢᠨ ᠲᠥᠯᠥᠭᠡ᠂ 10 ᠰᠢᠨ᠎ᠡ ᠬᠡᠯᠪᠡᠷᠢ ᠶᠢᠨ ᠵᠠᠮ ᠤᠨ ᠳ᠋ᠧᠩ ᠢ ᠨᠢᠭᠡ ᠡᠳᠦᠷ ᠤᠨ ᠳᠣᠲᠣᠷ᠎ᠠ ᠪᠦᠬᠦᠨ ᠢ ᠤᠭᠰᠠᠷᠠᠵᠤ᠂  ᠠᠰᠢᠭᠯᠠᠯᠲᠠ ᠳᠤ  ᠣᠷᠣᠭᠤᠯᠪᠠ᠃  ᠵᠠᠮ ᠤᠨ ᠳ᠋ᠧᠩ ᠨᠢ ᠰᠠᠭᠤᠭᠠᠯᠢ ᠠᠷᠠᠳ ᠤᠨ ᠭᠡᠷ ᠲᠡᠭᠡᠨ ᠬᠠᠷᠢᠬᠤ ᠵᠠᠮ ᠢ ᠭᠡᠷᠡᠯᠲᠦᠭᠦᠯᠦᠭᠰᠡᠨ ᠢᠶᠠᠷ ᠪᠠᠷᠠᠬᠤ ᠦᠭᠡᠢ᠂ ᠬᠥᠮᠦᠰ ᠤᠨ ᠰᠡᠳᠬᠢᠯ ᠢ ᠨᠡᠩ ᠳᠤᠯᠠᠭᠠᠴᠠᠭᠤᠯᠵᠠᠢ᠃      ︽ᠣᠳᠣᠬᠠᠨ ᠳᠤ ᠲᠠᠯᠠᠪᠠᠶ ᠶᠢᠨ ᠪᠥᠵᠢᠭ ᠢ ᠪᠥᠵᠢᠭᠯᠡᠬᠦ ᠬᠥᠮᠦᠨ ᠣᠯᠠᠰᠢᠷᠠᠵᠠᠶ᠂ ᠬᠡᠦᠬᠡᠳ ᠤᠳ ᠳ᠋ᠧᠩ ᠤᠨ ᠭᠡᠷᠡᠯ ᠳᠤ ᠨᠠᠭᠠᠳᠴᠤ᠂ ᠡᠭᠦᠳᠡᠨ ᠨᠣᠮᠧᠷ ᠢ ᠬᠦᠷᠲᠡᠯ᠎ᠡ ᠲᠣᠪ ᠲᠣᠳᠣᠷᠬᠠᠶ ᠣᠯᠵᠤ ᠬᠠᠷᠠᠨ᠎ᠠ︾᠃ ᠭᠡᠵᠦ ᠴᠧᠨ ᠠᠨᠢᠶ᠎ᠠ ᠪᠠᠶᠠᠷᠲᠠᠶ ᠪᠠᠷ ᠬᠡᠯᠡᠪᠡ᠃ ᠱᠢ ᠹᠦ᠋ ᠶᠢᠨ ᠰᠠᠶᠢᠨ ᠦᠢᠯᠡ ᠠᠵᠢᠯᠯᠠᠭ᠎ᠠ ᠨᠢ ᠪᠦᠬᠦ ᠥᠮᠴᠢᠲᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ᠱᠢ ᠹᠦ᠋ ᠶᠢᠨ ᠬᠠᠷᠠᠮ ᠦᠭᠡᠢ ᠵᠢᠳᠬᠦᠭᠰᠡᠨ ᠶᠠᠪᠤᠳᠠᠯ ᠨᠢ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠡᠭᠦᠨ ᠤ ᠳᠠᠭᠠᠭᠤᠯᠭ᠎ᠠ ᠪᠠᠷ᠂ 10 ᠭᠠᠷᠤᠢ ᠡᠷᠦᠬᠡ ᠰᠠᠭᠤᠭᠠᠯᠢ ᠠᠷᠠᠳ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠬᠠᠮᠠᠭᠠᠯᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠠᠶᠢᠭᠤᠯᠬᠤ ᠳᠤ ᠢᠳᠡᠪᠬᠢ ᠬᠦᠴᠦᠨ ᠨᠡᠮᠡᠷᠢᠯᠡᠵᠡᠢ᠃ ᠡᠨᠡᠬᠦ ᠰᠡᠳᠬᠢᠯ ᠢ ᠳᠤᠯᠠᠭᠠᠴᠠᠭᠤᠯᠬᠤ ᠰᠠᠶᠢᠨ ᠠᠵᠢᠯᠯᠠᠭ᠎ᠠ ᠨᠢ ᠤᠯᠢᠶᠠᠰᠤᠲᠠᠢ ᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ ᠶᠢᠨ ᠠᠮᠢᠳᠤᠯᠢᠭ ᠦᠢᠯᠡᠳᠦᠯᠭᠡ ᠶᠢᠨ ᠦᠯᠢᠭᠡᠷ ᠵᠢᠱᠢᠶ᠎ᠡ ᠪᠣᠯᠵᠤ ᠪᠠᠶᠢᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号