3 ᠰᠠᠷ᠎ᠠ ᠶᠢᠨ 26 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ | ᠵᠤᠬᠢᠶᠠᠨ ᠪᠠᠶᠢᠭᠤᠯᠬᠤ᠂ ᠣᠬᠠᠭᠤᠯᠬᠤ᠂ ᠨᠢᠭᠡᠳᠦᠮᠡᠯ ᠹᠷᠣᠨᠲ᠂ ᠨᠡᠶᠢᠭᠡᠮ᠂ ᠤᠯᠤᠰ ᠲᠥᠷᠥ ᠬᠠᠤᠯᠢ ᠴᠠᠭᠠᠵᠠ ᠣᠯᠠᠨ | ᠲᠦᠮᠡᠨᠴᠢ ᠪᠦᠯᠬᠦᠮ ᠤᠨ ᠠᠵᠢᠯ ᠤᠨ ᠬᠤᠷᠠᠯ ᠬᠤᠷᠠᠯᠳᠣᠭᠤᠯᠵᠦ᠂ 2024 ᠣᠨ ᠤ ᠠᠵᠢᠯ ᠢ ᠳ᠋ᠦᠩᠨᠡᠨ | ᠡᠷᠭᠢᠴᠡᠭᠦᠯᠵᠦ᠂ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ ᠃ | | ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠠᠩ ᠱᠧᠩ ᠬᠤᠷᠠᠯ ᠢ ᠡᠷᠭᠢᠯᠡᠵᠦ᠂ ᠪᠥᠬᠦ | ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠪᠠ ᠃ | ᠬᠤᠷᠠᠯ ᠠᠴᠠ ᠵᠢᠭᠠᠬᠤ ᠳᠠᠭᠠᠨ᠂ 2025 ᠣᠨ ᠪᠣᠯ 《 ᠠᠷᠪᠠᠨ ᠳᠥᠷᠪᠡᠳᠦᠭᠡᠷ ᠲᠠᠪᠤᠨ ᠵᠢᠯ 》 ᠤᠨ | ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ 《 ᠠᠷᠪᠠᠨ ᠲᠠᠪᠤᠳᠤᠭᠠᠷ ᠲᠠᠪᠤᠨ ᠵᠢᠯ 》 | ᠤᠨ ᠲᠥᠯᠥᠪᠵᠢᠭᠦᠯᠭᠡ ᠶᠢᠨ ᠲᠥᠯᠥᠪᠵᠢᠭᠦᠯᠦᠨ ᠪᠠᠶᠢᠷᠢᠯᠠᠭᠤᠯᠬᠤ ᠵᠢᠯ ᠪᠣᠯᠤᠨ᠎ᠠ ᠃ ᠪᠦᠬᠦ ᠬᠤᠰᠢᠭᠤᠨ ᠤ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ | ᠠᠵᠢᠯ ᠢ ᠡᠷᠡᠰ ᠬᠦᠴᠦᠲᠡᠢ ᠠᠳᠬᠤᠵᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠨᠡᠶᠢᠭᠡᠮ᠂ | ᠤᠯᠤᠰ ᠲᠦᠷᠦ ᠬᠠᠤᠯᠢ ᠴᠠᠭᠠᠵᠠ᠂ ᠤᠯᠠᠨ ᠲᠦᠮᠡᠨᠴᠢ ᠪᠦᠯᠬᠦᠮ ᠵᠡᠷᠭᠡ ᠡᠯ᠎ᠡ ᠵᠦᠢᠯ ᠤᠨ ᠠᠵᠢᠯ ᠢ ᠲᠠᠬᠢᠨ ᠰᠢᠨ᠎ᠡ | ᠳᠡᠭᠲᠡᠷ ᠲᠤ ᠭᠠᠷᠭᠠᠬᠤ ᠶᠢ ᠠᠬᠢᠭᠤᠯᠵᠤ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ᠂《 ᠵᠢᠷᠭᠤᠭᠠᠨ ᠢᠨᠵᠧᠨᠧᠷᠢᠩ 》 ᠢ ᠬᠡᠷᠡᠭᠵᠢᠭᠦᠯᠬᠦ᠂ 《 ᠵᠢᠷᠭᠤᠭᠠᠨ ᠠᠵᠢᠯᠯᠠᠭ᠎ᠠ 》 ᠶᠢ | ᠥᠷᠨᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠵᠣᠬᠢᠶᠠᠨ ᠪᠠᠶᠢᠭᠤᠯᠬᠤ ᠠᠵᠢᠯ ᠨᠢ ᠺᠠᠳ᠋ᠷ᠂ ᠴᠢᠳᠠᠪᠤᠷᠢᠲᠠᠨ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ《 ᠭᠤᠷᠪᠠᠨ ᠶᠡᠭᠡ ᠭᠤᠣᠯ | ᠠᠵᠢᠯ 》 ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠨᠢ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠮᠠᠷᠠᠲᠤ ᠬᠢᠯᠢ | ᠶᠢᠨ ᠰᠣᠶᠣᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ᠭᠠᠳᠠᠭᠰᠢ ᠤᠯᠠᠮᠵᠢᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ | ᠳᠤ ᠬᠠᠮᠲᠤᠷᠠᠭᠰᠠᠨ ᠬᠦᠴᠦᠨ ᠢ ᠨᠢᠭᠲᠠᠷᠠᠭᠤᠯᠵᠤ᠂ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠨᠢᠭᠡᠳᠦᠮᠡᠯ | ᠹᠷᠣᠨᠲ ᠤᠨ ᠠᠵᠢᠯ ᠨᠢ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠲᠥᠪᠯᠡᠷᠡᠭᠦᠯᠬᠦ ᠤᠯᠤᠰ | ᠲᠥᠷᠦ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠭᠦ ᠬᠡᠷᠡᠭᠲᠠᠢ᠃ ᠨᠡᠶᠢᠭᠡᠮ ᠤᠨ ᠠᠵᠢᠯ ᠨᠢ ᠨᠠᠮ ᠤᠨ ᠤᠯᠤᠰ ᠲᠥᠷᠥ | ᠶᠢᠨ ᠳᠠᠪᠠᠭᠤᠯᠢᠭ᠂ ᠪᠠᠶᠢᠭᠤᠯᠤᠯ ᠤᠨ ᠳᠠᠪᠠᠭᠤᠯᠢᠭ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ | ᠭᠦᠶᠴᠡᠳ ᠪᠠᠳᠠᠷᠠᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠨ | ᠴᠢᠩᠭᠠᠷᠠᠭᠤᠯᠵᠤ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠳᠤ ᠪᠠᠲᠤ | ᠪᠠᠬᠢ ᠨᠡᠶᠢᠭᠡᠮ ᠤᠨ ᠰᠠᠭᠤᠷᠢ ᠶᠢ ᠲᠠᠯᠪᠢᠵᠤ ᠦᠭᠬᠦ ᠬᠡᠷᠡᠭᠲᠠᠢ᠃ ᠤᠯᠤᠰ ᠲᠦᠷᠦ ᠬᠠᠤᠯᠢ ᠴᠠᠭᠠᠵᠠ ᠶᠢᠨ ᠠᠵᠢᠯ | ᠨᠢ《 ᠨᠢᠭᠡ ᠬᠠᠷᠠᠯᠲᠠ 》 ᠶᠢ ᠪᠠᠷᠢᠮᠲᠠᠯᠠᠵᠤ᠂ 《 ᠬᠤᠶᠠᠷ ᠶᠡᠭᠡ ᠢᠨᠵᠧᠨᠧᠷᠢᠩ 》 ᠢ ᠬᠡᠷᠡᠭᠵᠢᠭᠦᠯᠵᠦ᠂ | 《 ᠭᠤᠷᠪᠠᠨ ᠲᠦᠷᠦᠯ ᠤᠨ ᠠᠶᠤᠯ ᠲᠦᠭᠰᠢᠭᠦᠷᠢ 》 ᠶᠢ ᠰᠡᠷᠭᠡᠶᠢᠯᠡᠨ ᠠᠷᠢᠯᠭᠠᠵᠤ᠂ 《 ᠭᠤᠷᠪᠠᠨ ᠶᠡᠭᠡ ᠲᠤᠰᠬᠠᠢ | ᠠᠵᠢᠯᠯᠠᠭ᠎ᠠ 》 ᠶᠢ ᠥᠷᠨᠢᠭᠦᠯᠵᠦ᠂ ᠨᠡᠩ ᠥᠨᠳᠥᠷ ᠲᠦᠪᠰᠢᠨ ᠪᠦᠬᠦᠢ 《 ᠠᠮᠤᠷ ᠠᠮᠤᠭᠤᠯᠠᠩ ᠵᠡᠭᠦᠨ | ᠦᠵᠦᠮᠦᠴᠢᠨ 》᠂ 《 ᠬᠠᠤᠯᠢᠵᠢᠯ ᠤᠨ ᠵᠡᠭᠦᠨ ᠦᠵᠦᠮᠦᠴᠢᠨ 》 ᠢ ᠴᠢᠷᠮᠠᠶᠢᠨ ᠪᠠᠶᠢᠭᠤᠯᠬᠤ ᠬᠡᠷᠡᠭᠲᠡᠢ᠃ ᠣᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠢ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠲᠣᠰ ᠪᠡᠶ᠎ᠡ ᠶᠢᠨ ᠳᠠᠯᠳᠠ ᠬᠦᠴᠦᠨ ᠢᠶᠠᠨ ᠭᠦᠢᠴᠡᠳ ᠠᠭᠤᠳᠠᠯᠵᠤ᠂ ᠬᠥᠭᠵᠢᠯᠲᠡ ᠶᠢᠨ ᠲᠠᠪᠴᠠᠩ | ᠢ ᠢᠳᠡᠪᠬᠢᠲᠡᠢ ᠪᠠᠶᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ | ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃ | ᠬᠤᠰᠢᠭᠤ ᠨᠠᠮ ᠤᠨ ᠬᠤᠷᠢᠶᠠᠨ ᠤ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶᠠᠨ ᠤ ᠪᠠᠭ ᠤᠨ | ᠪᠦᠷᠢᠯᠳᠦᠬᠦᠨ᠂ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ᠂ ᠳᠡᠳ᠋ ᠱᠦᠵᠢ᠂ ᠵᠣᠬᠢᠶᠠᠨ | ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ᠂ ᠬᠤᠰᠢᠭᠤ ᠰᠢᠭᠤᠳ | ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳ ᠤᠨ | ᠪᠦᠯᠬᠦᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠷᠠᠯ ᠳᠤ ᠣᠷᠣᠯᠴᠠᠪᠠ᠃ |