2025 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ | ᠠᠵᠢᠯ ᠢ ᠭᠦᠨᠵᠡᠭᠡᠢ ᠲᠦᠯᠬᠢᠨ ᠠᠬᠢᠭᠤᠯᠬᠤ ᠶᠢᠨ ᠲᠥᠯᠥᠭᠡ᠂ ᠠᠯᠲᠠᠨᠬᠢᠯᠢ ᠰᠤᠮᠤᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠪᠡᠯᠴᠢᠭᠡᠷ ᠰᠡᠷᠭᠦᠭᠡᠬᠦ ᠠᠵᠢᠯ ᠤᠨ ᠡᠮᠦᠨᠡᠬᠢ ᠬᠤᠭᠤᠴᠠᠭᠠᠨ ᠤ | ᠪᠠᠶᠢᠳᠠᠯ ᠢ ᠣᠶᠢᠯᠠᠭᠠᠬᠤ ᠲᠣᠭᠤᠷᠢᠨ ᠪᠠᠶᠢᠴᠠᠭᠠᠯᠲᠠ ᠵᠢᠴᠢ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ | ᠤᠷᠭᠤᠯᠲᠠᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ | ᠰᠦᠯᠵᠢᠶᠡᠨ ᠳᠡᠭᠡᠷ᠎ᠡ ᠰᠤᠮᠤᠨ ᠤ ᠸᠢᠴᠠᠲ ᠤᠨ ᠲᠠᠪᠴᠠᠩ ᠢᠶᠠᠷ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ | ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠵᠡᠷᠭᠡ ᠶᠢ ᠨᠡᠶᠢᠲᠡᠯᠡᠵᠦ᠂ ᠪᠡᠯᠴᠢᠭᠡᠷᠯᠡᠭᠦᠯᠬᠦ ᠶᠢ | ᠵᠣᠭᠰᠤᠭᠠᠬᠤ ᠬᠡᠪᠴᠢᠶ᠎ᠡ᠂ ᠡᠬᠢᠯᠡᠵᠦ ᠳᠠᠭᠤᠰᠬᠤ ᠴᠠᠭ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠵᠡᠷᠭᠡ ᠵᠦᠢᠯᠡᠰ ᠢ ᠴᠠᠭ | ᠲᠤᠬᠠᠢ ᠳᠤᠨᠢ ᠳᠠᠮᠵᠢᠭᠤᠯᠤᠨ ᠲᠠᠷᠬᠠᠭᠠᠵᠤ᠂ ᠰᠦᠯᠵᠢᠶᠡᠨ ᠭᠠᠳᠠᠨ᠎ᠠ ᠲᠤᠬᠠᠢ ᠶᠢᠨ ᠭᠠᠵᠠᠷ ᠲᠤᠨᠢ ᠬᠦᠷᠴᠦ ᠲᠣᠭᠤᠷᠢᠨ | ᠪᠠᠶᠢᠴᠠᠭᠠᠬᠤ᠂ ᠲᠣᠭᠤᠷᠢᠨ ᠪᠠᠶᠢᠴᠠᠭᠠᠭᠰᠠᠨ ᠲᠡᠮᠳᠡᠭᠯᠡᠯ ᠤᠨ ᠬᠦᠰᠦᠨᠦᠭ ᠲᠠᠭᠯᠠᠬᠤ᠂ ᠤᠬᠠᠭᠤᠯᠭ᠎ᠠ ᠶᠢᠨ ᠳᠡᠪᠲᠡᠷ | ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠮᠠᠯᠴᠢᠳ ᠤᠨ ᠪᠡᠯᠴᠢᠭᠡᠷᠯᠡᠭᠦᠯᠬᠦ ᠶᠢ | ᠵᠣᠭᠰᠤᠭᠠᠬᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ | ᠮᠠᠨ ᠤ ᠠᠩᠭᠢ ᠬᠠᠷᠢᠶᠠᠲᠤ ᠣᠷᠣᠨ ᠤ ᠮᠠᠯᠴᠢᠨ ᠡᠷᠦᠬᠡ ᠳᠤ ᠭᠦᠨᠵᠡᠭᠡᠶᠢᠷᠡᠵᠦ᠂ ᠮᠠᠯᠴᠢᠨ ᠡᠷᠦᠬᠡ ᠶᠢᠨ ᠡᠪᠡᠰᠦ | ᠪᠣᠷᠳᠤᠭ᠎ᠠ ᠶᠢᠨ ᠨᠥᠭᠡᠴᠡᠯᠡᠯᠲᠡ ᠶᠢᠨ ᠪᠠᠶᠢᠳᠠᠯ᠂ ᠮᠠᠯ ᠲᠡᠵᠢᠭᠡᠪᠦᠷᠢ ᠶᠢᠨ ᠣᠳᠣᠬᠢ ᠪᠠᠶᠢᠳᠠᠯ᠂ ᠲᠥᠯ ᠲᠤᠰᠬᠤ | ︵ᠲᠤᠭᠤᠯ︶ ᠪᠣᠶᠢᠵᠢᠭᠤᠯᠬᠤ ᠵᠡᠷᠭᠡ ᠠᠵᠢᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠮᠠᠯᠵᠢᠬᠤ ᠡᠷᠦᠬᠡ ᠶᠢᠨ | ᠡᠪᠡᠰᠦ ᠪᠣᠷᠳᠣᠭᠠᠨ ᠤ ᠲᠤᠭ᠎ᠠ ᠬᠡᠮᠵᠢᠶ᠎ᠡ ᠵᠢᠴᠢ ᠨᠥᠭᠡᠴᠡᠯᠡᠬᠦ ᠲᠥᠯᠥᠪᠯᠡᠭᠡ ᠶᠢ ᠳᠠᠩᠰᠠᠯᠠᠬᠤ ᠶᠢᠨ ᠬᠠᠮᠲᠤ ᠮᠠᠯᠴᠢᠳ | ᠢ ᠡᠪᠡᠰᠦ ᠪᠣᠷᠳᠤᠭ᠎ᠠ ᠪᠠᠨ ᠥᠪᠡᠰᠦᠪᠡᠨ ᠨᠥᠭᠡᠴᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠬᠠᠪᠤᠷ ᠤᠨ | ᠤᠯᠠᠷᠢᠯ ᠤᠨ ᠤᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦᠠᠵᠢᠯ ᠤᠨ ᠤᠷᠤᠭᠰᠢᠲᠠᠢ ᠶᠠᠪᠤᠭᠳᠠᠬᠤ ᠳᠤ | ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠱᠠᠭᠠᠷᠳᠠᠪᠠ᠃ | ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ᠂ ᠬᠠᠮᠢᠶᠠᠷᠤᠨ ᠬᠠᠮᠠᠭᠠᠯᠠᠭᠴᠢ ᠪᠠᠷ ᠪᠦᠷᠢᠯᠳᠦᠭᠰᠡᠨ ᠲᠤᠰᠬᠠᠢ | ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶᠠᠲᠤ ᠣᠷᠣᠨ ᠤ ᠪᠠᠨ ᠳᠥᠷᠪᠡᠨ ᠭᠠᠴᠠᠭ᠎ᠠ ᠳᠤ | ᠭᠦᠨᠵᠡᠭᠡᠶᠢᠷᠡᠨ᠂ ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠶᠢᠨ ᠪᠢᠴᠢᠭ᠂ ᠮᠠᠯ ᠤᠨ ᠠᠵᠢᠯᠯᠠᠭᠠᠨ ᠤ | ᠲᠠᠯᠠᠪᠤᠷ᠂ ᠮᠠᠯ ᠤᠨ ᠣᠣᠭᠤᠬᠤ ᠤᠰᠤᠨ ᠤ ᠨᠡᠪᠲᠡᠷᠡᠬᠦ ᠵᠠᠮ᠂ ᠪᠡᠯᠴᠢᠭᠡᠷᠯᠡᠭᠦᠯᠬᠦ ᠶᠢ ᠵᠣᠭᠰᠤᠭᠠᠬᠤ ᠢᠯᠡᠷᠬᠡᠶᠢᠯᠡᠯ ᠤᠨ | ᠫᠠᠶᠢᠰᠠ ᠵᠡᠷᠭᠡ ᠶᠢ ᠲᠣᠭᠤᠷᠢᠨ ᠪᠠᠶᠢᠴᠠᠭᠠᠬᠤ ᠶᠢᠨ ᠬᠠᠮᠲᠤ ᠢᠯᠡᠴᠢᠯᠡᠨ ᠮᠡᠳᠡᠭᠦᠯᠬᠦ ᠤᠳᠠᠰᠦ ᠭᠠᠷᠭᠠᠵᠤ᠂ ᠥᠷᠭᠡᠨ | ᠣᠯᠠᠨ ᠮᠠᠯᠴᠢᠨ ᠡᠷᠦᠬᠡ ᠶᠢ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠦᠶᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠬᠦ ᠶᠢ ᠵᠤᠷᠢᠭᠵᠢᠭᠤᠯᠪᠠ᠃ | ᠲᠣᠰ ᠤᠳᠠᠭᠠᠨ ᠤ ᠪᠠᠶᠢᠳᠠᠯ ᠢ ᠣᠶᠢᠯᠠᠭᠠᠬᠤ ᠲᠣᠭᠤᠷᠢᠨ ᠪᠠᠶᠢᠴᠠᠭᠠᠬᠤ ᠠᠵᠢᠯ ᠢᠶᠠᠷ ᠳᠠᠮᠵᠢᠭᠤᠯᠤᠨ᠂ | ᠬᠠᠷᠢᠶᠠᠲᠤ ᠣᠷᠣᠨ ᠳᠠᠬᠢ ᠮᠠᠯᠴᠢᠳ ᠤᠨ ᠡᠪᠡᠰᠦ ᠪᠣᠷᠳᠤᠭ᠎ᠠ ᠶᠢᠨ ᠨᠥᠭᠡᠴᠡᠯᠡᠯ ᠤᠨ ᠪᠠᠶᠢᠳᠠᠯ ᠪᠠ ᠮᠠᠯ | ᠲᠡᠵᠢᠭᠡᠪᠦᠷᠢ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠡᠵᠡᠮᠰᠢᠪᠡ᠂ ᠲᠠᠷᠠᠭᠠᠴᠢ ᠶᠢᠨ ᠠᠯᠬᠤᠮ ᠳᠤ᠂ ᠮᠠᠨ ᠤ | ᠬᠠᠤᠯᠢ ᠬᠡᠷᠡᠭᠵᠢᠭᠦᠯᠬᠦ ᠠᠩᠭᠢ ᠦᠷᠭᠦᠯᠵᠢᠯᠡᠨ ︽ᠪᠣᠳᠠᠲᠠᠢ ᠨᠠᠷᠢᠨ ᠴᠢᠩᠭ᠎ᠠ︾ ᠪᠠᠶᠢᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠦᠨᠡᠨ ᠬᠦ ᠴᠢᠩᠭᠠᠳᠬᠠᠨ᠂ ᠡᠯ᠎ᠡ ᠵᠦᠢᠯ ᠤᠨ | ᠲᠤᠭ᠎ᠠ ᠪᠠᠷᠢᠮᠲᠠ ᠶᠢ ᠨᠠᠷᠢᠯᠢᠭᠵᠢᠭᠤᠯᠵᠤ᠂ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠶᠢ ᠴᠢᠩᠭᠠᠡᠳᠬᠠᠵᠤ᠂ 2025 | ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠤᠨ ᠤᠷᠤᠭᠰᠢᠲᠠᠢ | ᠶᠠᠪᠤᠭᠳᠠᠬᠤ ᠶᠢ ᠲᠦᠯᠬᠢᠨ ᠠᠬᠢᠭᠤᠯᠤᠨ᠎ᠠ᠃ | | |