ᠭᠠᠴᠠᠭᠠᠨ ᠤ ᠬᠠᠮᠲᠤ ᠶᠢᠨ ᠠᠵᠤ ᠠᠬᠤᠢ ᠶᠢᠨ ︽ᠭᠤᠷᠪᠠᠨ ᠬᠦᠷᠤᠩᠬᠡ︾ ᠶᠢᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠨ ᠵᠢᠷᠤᠮᠵᠢᠭᠤᠯᠤᠨ᠂ ᠨᠠᠷᠢᠯᠢᠭ ᠤᠨᠤᠪᠴᠢᠲᠠᠢ ᠪᠠᠷ ᠢᠯᠭᠠᠷᠠᠭᠤᠯᠤᠨ ᠪᠠᠶᠢᠴᠠᠭᠠᠬᠤ ᠠᠵᠢᠯ | ᠢ ᠪᠥᠬᠦ ᠲᠠᠯ᠎ᠠ ᠪᠠᠷ ᠨᠠᠷᠢᠨ ᠬᠢᠨᠠᠮᠠᠭᠠᠢ ᠥᠷᠨᠢᠭᠦᠯᠵᠦ᠂ ᠭᠠᠴᠠᠭᠠᠨ ᠤ ︽ᠭᠤᠷᠪᠠᠨ ᠬᠦᠷᠤᠩᠬᠡ︾ ᠶᠢᠨ | ᠬᠠᠮᠢᠶᠠᠷᠤᠯᠲᠠ ᠶᠢᠨ ᠠᠵᠢᠯ ᠢ ᠲᠠᠬᠡᠭᠰᠢᠯᠠᠬᠦᠯᠬᠦ ᠲᠤᠰᠨᠲᠠ᠂ 3 ᠰᠠᠷ᠎ᠠ ᠶᠢᠨ 26 ᠤ ᠡᠳᠦᠷ᠂ ᠠᠯᠲᠠᠨᠬᠢᠯᠢ ᠰᠤᠮᠤᠨ | ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ︽ᠭᠤᠷᠪᠠᠨ ᠬᠦᠷᠤᠩᠬᠡ︾ ᠶᠢᠨ ᠬᠠᠮᠢᠶᠠᠷᠤᠯᠲᠠ ᠶᠢᠨ ᠠᠵᠢᠯ ᠢ | ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ | ᠰᠢᠵᠢᠷᠬᠡᠷᠡᠯ ᠡᠷᠭᠢᠯᠡᠨ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠭᠠᠴᠠᠭᠠᠨ ᠤ | ᠨᠠᠮ ᠤᠨ ᠡᠭᠦᠷ ᠤᠨ ᠱᠦᠵᠢ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠪᠠ᠃ | ᠬᠤᠷᠠᠯ ᠳᠤ᠂ ︽ᠵᠡᠭᠦᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ | ︵ᠲᠤᠷᠰᠢᠨ ᠬᠡᠷᠡᠭᠵᠢᠭᠦᠯᠬᠦ︶︾ ︽ᠵᠡᠭᠦᠨ ᠦᠵᠦᠮᠦᠴᠢᠨ ᠬᠤᠰᠢᠭᠤᠨ ᠤ 2025 ᠣᠨ ᠤ ᠮᠠᠯᠵᠢᠬᠤ ᠣᠷᠣᠨ ᠤ | ᠬᠠᠮᠲᠤ ᠶᠢᠨ ︿ᠭᠤᠷᠪᠠᠨ ᠬᠦᠷᠤᠩᠬᠡ﹀ ᠶᠢ ᠨᠠᠷᠢᠯᠢᠭ ᠤᠨᠤᠪᠴᠢᠲᠠᠢ ᠪᠠᠷ ᠢᠯᠭᠠᠷᠠᠭᠤᠯᠤᠨ ᠪᠠᠶᠢᠴᠠᠭᠠᠬᠤ ᠠᠵᠢᠯ ᠤᠨ | ᠲᠥᠰᠥᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠮᠠᠯᠵᠢᠬᠤ | ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠦᠷᠤᠩᠬᠡ︾ ᠶᠢᠨ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ | ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠡᠯ᠎ᠡ ᠭᠠᠴᠠᠭ᠎ᠠ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠦᠷᠤᠩᠬᠡ︾ ᠶᠢᠨ ᠬᠠᠮᠢᠶᠠᠷᠤᠯᠲᠠ ᠶᠢᠨ ᠠᠵᠢᠯ ᠤᠨ | ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠲᠠᠬᠡᠭᠰᠢᠯᠠᠬᠦᠯᠤᠨ᠂ | ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ︔ ᠬᠤᠶᠠᠷ ᠲᠤ᠂ | ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠪᠣᠶ ᠪᠦᠬᠦᠢ ᠪᠡᠯᠡ ᠮᠥᠩᠭᠦ᠂ ᠡᠳ᠋ ᠬᠥᠷᠥᠩᠭᠡ᠂ ᠡᠬᠢ | ᠪᠠᠶᠠᠯᠢᠭ ᠲᠤ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠢᠯᠭᠠᠷᠠᠭᠤᠯᠤᠨ ᠪᠠᠶᠢᠴᠠᠭᠠᠬᠤ | ᠠᠵᠢᠯ ᠢ ᠪᠥᠬᠦ ᠲᠠᠯ᠎ᠠ ᠪᠠᠷ ᠨᠠᠷᠢᠨ ᠬᠢᠨᠠᠮᠠᠭᠠᠢ ᠲᠦᠯᠬᠢᠨ ᠠᠬᠢᠭᠤᠯᠵᠤ᠂ ᠲᠠᠩᠰᠠ ᠪᠠᠷᠢᠮᠲᠠ ᠬᠡᠷᠡᠴᠢ᠂ ᠲᠠᠩᠰᠠ | ᠬᠦᠰᠦᠨᠦᠭᠲᠦ ᠬᠠᠷᠢᠯᠴᠠᠨ ᠨᠡᠶᠢᠴᠡᠭᠰᠡᠨ ᠪᠠᠶᠢᠬᠤ ᠶᠢ ᠪᠠᠶᠠᠯᠠᠬᠦᠯᠤᠨ᠂ ᠡᠳ᠋ ᠬᠥᠷᠥᠩᠭᠡ ᠶᠢ ᠲᠣᠭᠠᠯᠠᠨ ᠪᠦᠷᠢᠳᠬᠡᠬᠦ᠂ | ᠲᠠᠩᠰᠠ ᠲᠡᠮᠳᠡᠭᠯᠡᠬᠦ᠂ ᠲᠤᠭ᠎ᠠ ᠪᠠᠷᠢᠮᠲᠠ ᠣᠷᠣᠭᠤᠯᠬᠤ ᠵᠡᠷᠭᠡ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ | ᠢᠯᠭᠠᠷᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠡᠬᠡ ᠲᠠᠩᠰᠠ ᠪᠠᠶᠢᠭᠤᠯᠬᠤ ᠶᠢᠨ ᠬᠠᠮᠲᠤ | ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠭᠤᠷᠪᠠ ᠳᠤ᠂ ᠯᠠᠪᠳᠠᠭᠤᠨ ᠪᠠᠲᠤᠲᠠᠢ ᠠᠵᠢᠯ ᠤᠨ | ᠰᠤᠷᠲᠠᠯ ᠢᠶᠠᠷ ︽ᠭᠤᠷᠪᠠᠨ ᠬᠦᠷᠤᠩᠬᠡ︾ ᠶᠢᠨ ᠬᠠᠮᠢᠶᠠᠷᠤᠯᠲᠠ ᠶᠢᠨ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠠ ᠣᠯᠠᠨ ᠲᠦᠮᠡᠨ ᠤ ᠠᠰᠢᠭ ᠲᠤᠰᠠ ᠳᠤ ᠪᠠᠲᠤ ᠪᠠᠬᠢ | ᠪᠠᠲᠤᠯᠠᠭ᠎ᠠ ᠬᠠᠩᠭᠠᠬᠤ ᠬᠡᠷᠡᠭᠲᠡᠢ ᠬᠡᠵᠤ ᠱᠠᠭᠠᠷᠲᠠᠪᠠ᠃ |