ᠬᠦᠷᠢᠶᠡᠳᠦᠨᠠᠭᠤᠷ ᠰᠤᠮᠤ ᠪᠥᠬᠦ ᠤᠯᠤᠰ᠂ ᠪᠦᠬᠦ ᠣᠷᠣᠨ ᠤ ᠨᠢᠭᠡᠳᠦᠮᠡᠯ ᠹᠠᠷᠤᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠠ ᠪᠦᠬᠦ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/8
      2 ᠳ᠋ᠤᠭᠠᠷ ᠰᠠᠷ᠎ᠠ ᠶᠢᠨ 26᠎ ᠤ ᠡᠳᠦᠷ᠂ ᠬᠦᠷᠢᠶᠡᠳᠦᠨᠠᠭᠤᠷ ᠰᠤᠮᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠥᠬᠦ ᠤᠯᠤᠰ᠂ ᠪᠦᠬᠦ ᠣᠷᠣᠨ ᠤ ᠨᠢᠭᠡᠳᠦᠮᠡᠯ ᠹᠠᠷᠤᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠠ ᠪᠥᠬᠦ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠶᠠᠨ ᠤ ᠱᠦᠵᠢ ᠬᠦᠬᠦᠭᠡ ᠬᠤᠷᠠᠯ ᠡᠷᠬᠢᠯᠡᠵᠦ᠂ ᠰᠣᠮᠣᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ ᠵᠢᠴᠢ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠠᠷᠤᠨᠲ ᠤᠨ ᠭᠡᠰᠢᠭᠦᠨ ᠰᠢᠦᠸᠠᠢ ᠶᠠ ᠨᠠᠨ ᠪᠥᠬᠦ ᠤᠯᠤᠰ᠂ ᠪᠦᠬᠦ ᠣᠷᠣᠨ ᠤ ᠨᠢᠭᠡᠳᠦᠮᠡᠯ ᠹᠠᠷᠤᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠠ ᠪᠥᠬᠦ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠠᠷᠤᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢᠶᠠᠷ ᠤᠷᠤᠭᠰᠢᠯᠠᠬᠤ ᠬᠡᠷᠡᠭᠲᠡᠢ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠢ ᠪᠠᠶᠢᠭᠤᠯᠤᠨ ᠪᠠᠲᠤᠳᠬᠠᠵᠤ᠂ ᠶᠡᠭᠡ ᠨᠢᠭᠡᠳᠦᠮᠡᠯ ᠹᠠᠷᠤᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠠᠷᠤᠨᠲ ᠢ ᠪᠠᠬᠢᠵᠢᠭᠦᠯᠦᠨ ᠬᠥᠭᠵᠢᠭᠦᠯᠵᠦ᠂ ᠨᠢᠭᠡᠳᠦᠮᠡᠯ  ᠹᠠᠷᠤᠨᠲ ᠤᠨ ᠬᠥᠮᠦᠰ ᠤᠨ ᠰᠡᠳᠬᠢᠯ ᠢ ᠨᠢᠭᠲᠠᠷᠠᠭᠤᠯᠬᠤ ᠤᠯᠤᠰ ᠲᠥᠷᠥ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠭᠤᠷᠪᠠ ᠳᠤ᠂ ᠠᠵᠢᠯ ᠤᠨ ᠴᠢᠭᠯᠡᠯ ᠢᠶᠠᠨ ᠲᠣᠳᠤᠷᠬᠠᠶᠢᠯᠠᠵᠤ᠂ ᠨᠢᠭᠡᠳᠦᠮᠡᠯ ᠹᠠᠷᠤᠨᠲ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠪᠦᠯᠬᠦᠮᠳᠡᠵᠦ ᠪᠣᠯᠬᠤ ᠪᠦᠬᠦ ᠬᠦᠴᠦᠨ ᠲᠠᠢ ᠪᠦᠯᠬᠦᠮᠳᠡᠵᠦ᠂ ᠨᠢᠭᠡᠳᠦᠮᠡᠯ ᠹᠠᠷᠤᠨᠲ ᠤᠨ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠨᠢᠭᠡᠳᠦᠮᠡᠯ ᠹᠠᠷᠤᠨᠲ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠮᠠᠨ ᠤ ᠰᠤᠮᠤᠨ ᠤ ᠠᠵᠤ ᠠᠬᠤᠢ  ᠨᠡᠶᠢᠭᠡᠮ ᠤᠨ ᠬᠥᠭᠵᠢᠯᠲᠡ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号