3 ᠰᠠᠷ᠎ᠠ ᠶᠢᠨ 22 ᠤ ᠡᠳᠦᠷ᠂ ᠬᠦᠷᠢᠶᠡᠳᠦᠨᠠᠭᠤᠷ ᠰᠤᠮᠤ 2025 ᠣᠨ ᠤ 10 ᠳ᠋ᠤᠭᠠᠷ ᠤᠳᠠᠭᠠᠨ ᠤ | ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ | ᠵᠢᠴᠢ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠪᠠ᠃ ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠭᠦᠨ᠂ | ︽ᠬᠤᠶᠠᠷ ᠲᠥᠪ ᠠᠩᠭᠢ︾ ᠤᠨ ᠬᠠᠷᠢᠭᠤᠴᠠᠯᠭᠠᠲᠠᠨ᠂ ᠭᠠᠴᠠᠭ᠎ᠠ ︵ᠨᠡᠶᠢᠭᠡᠮ ᠲᠣᠭᠤᠷᠢᠭ︶ ᠤᠨ ︽ᠬᠤᠶᠠᠷ | ᠵᠥᠪᠯᠡᠯ︾ ᠤᠨ ᠭᠡᠰᠢᠭᠦᠨ᠂ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠪᠠ ᠬᠤᠰᠢᠭᠤ ᠨᠠᠮ ᠤᠨ | ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ᠂ ᠪᠦᠬᠦ ᠰᠣᠮᠣᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ | ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠮᠥᠨ᠂ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ | ᠮᠥᠨ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠨᠠᠮ ᠤᠨ | ᠰᠠᠬᠢᠯᠭ᠎ᠠ ᠪᠠᠲᠤ ᠶᠢ ᠰᠤᠷᠤᠯᠴᠠᠵᠤ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ | ᠪᠥᠬᠦ ᠲᠠᠯ᠎ᠠ ᠪᠠᠷ ᠨᠠᠮ ᠶᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠪᠣᠯᠬᠤᠷ | ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ | ᠲᠥᠷᠥ ᠶᠢᠨ ᠭᠦᠨᠴᠡ ᠳᠡᠭᠡᠷ᠎ᠡ ᠵᠣᠭᠰᠣᠵᠣ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ | ᠬᠤᠷᠠᠯ ᠠᠴᠠ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠤᠣᠯ ᠰᠡᠳᠦᠪ ᠢ ᠲᠥᠪᠯᠡᠷᠡᠭᠦᠯᠬᠦ ᠶᠢ | ᠪᠠᠷᠢᠮᠲᠠᠯᠠᠵᠤ᠂ ᠪᠣᠳᠠᠲᠤ ᠦᠷ᠎ᠡ ᠪᠥᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠨ᠂ ᠬᠢᠨᠠᠮᠠᠭᠠᠢ ᠵᠣᠬᠢᠶᠠᠨ ᠪᠠᠶᠢᠭᠤᠯᠵᠤ᠂ | ᠣᠨᠣᠪᠴᠢᠲᠠᠢ ᠪᠠᠷ ᠬᠦᠴᠦᠯᠡᠵᠦ᠂ ᠰᠤᠷᠤᠯᠴᠠᠬᠤ᠂ ᠪᠠᠶᠢᠴᠠᠭᠠᠬᠤ᠂ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ | ᠠᠬᠢᠭᠤᠯᠵᠤ᠂ ᠰᠤᠷᠤᠯᠴᠠᠯᠭ᠎ᠠ ᠰᠤᠷᠭᠠᠨ ᠬᠥᠮᠦᠵᠢᠯ ᠤᠨ ᠪᠤᠲᠠᠲᠠᠢ ᠳᠤ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ ᠨᠢᠭᠡ ᠳᠤ᠂ ᠰᠤᠷᠤᠯᠴᠠᠯᠭ᠎ᠠ ᠪᠠ ᠰᠤᠳᠤᠯᠤᠨ ᠶᠠᠷᠢᠯᠴᠠᠭ᠎ᠠ ᠪᠠᠨ ᠴᠢᠩᠭᠠᠳᠬᠠᠵᠤ᠂ ᠦᠵᠡᠯ | ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠎ᠡ᠃ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪ ᠢᠶᠠᠷ | ᠰᠤᠳᠤᠯᠤᠨ ᠶᠠᠷᠢᠯᠴᠠᠬᠤ᠂ ᠬᠤᠪᠢ ᠬᠥᠮᠦᠨ ᠤ ᠰᠤᠷᠤᠯᠴᠠᠯᠭ᠎ᠠ ᠵᠡᠷᠭᠡ ᠣᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠣ᠂ ᠰᠢᠰᠲ᠋ᠧᠮ ᠲᠠᠢ ᠪᠦᠬᠦ ᠲᠠᠯ᠎ᠠ ᠶᠢᠨ | ᠰᠤᠷᠤᠯᠴᠠᠬᠤ ᠲᠥᠯᠦᠪᠯᠡᠭᠡ ᠶᠢ ᠲᠣᠭᠲᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠬᠦ | ᠬᠡᠷᠡᠭᠲᠡᠢ᠃ ᠵᠥᠪ ᠪᠤᠷᠤᠭᠤ ᠬᠤᠶᠠᠷ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ | ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠢ ᠬᠥᠲᠥᠯᠦᠨ ᠵᠢᠯᠣᠭᠤᠳᠴᠤ ᠪᠠᠶᠢᠭᠠᠳ᠂ | ᠬᠡᠷᠡᠭ ᠤᠨ ᠵᠢᠱᠢᠶ᠎ᠡ ᠪᠠᠷ ᠲᠣᠯᠢ ᠪᠣᠯᠭᠠᠨ᠂ ᠴᠠᠭ ᠢᠮᠠᠭᠲᠠ ᠲᠠᠷᠢᠬᠢ ᠲᠣᠯᠤᠭᠠᠢ ᠪᠠᠨ ᠰᠡᠷᠭᠡᠭ ᠪᠠᠶᠢᠯᠭᠠᠵᠤ᠂ | ᠢᠯᠵᠠᠷᠠᠯ ᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ᠃ | ᠬᠤᠶᠠᠷ ᠲᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ | ᠦᠨᠡᠨᠬᠦ ᠪᠤᠲᠠᠲᠠᠶᠢᠵᠢᠭᠤᠯᠤᠨ᠎ᠠ᠃ ᠰᠣᠮᠣᠨ ᠤ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠥᠬᠦ | ᠲᠠᠯ᠎ᠠ ᠪᠠᠷ ᠭᠦᠨᠵᠡᠭᠡᠢ ᠪᠠᠶᠢᠴᠠᠭᠠᠨ ᠡᠷᠢᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠤᠷᠬᠠᠶᠢᠯᠠᠨ᠂ ᠬᠠᠮᠢᠶ᠎ᠠ ᠪᠥᠬᠦᠢ ᠳᠦᠷᠢᠮ | ᠲᠣᠭᠲᠠᠭᠠᠯ ᠢ ᠬᠠᠨᠳᠤᠯᠭᠠᠲᠤ ᠴᠢᠨᠠᠷᠲᠠᠢ ᠲᠡᠭᠦᠯᠳᠡᠷᠵᠢᠭᠦᠯᠵᠦ᠂ ᠪᠠᠶᠢᠴᠠᠭᠠᠬᠤ ᠶᠢᠨ ᠳᠠᠭᠠᠤ ᠴᠡᠭᠴᠡᠯᠡᠨ ᠵᠠᠰᠠᠬᠤ ᠶᠢ | ᠴᠢᠩᠭᠠᠳᠬᠠᠵᠤ᠂ ᠨᠠᠷᠢᠯᠢᠭ ᠣᠨᠣᠪᠴᠢᠲᠠᠢ ᠬᠡᠷᠡᠭᠵᠢᠭᠦᠯᠦᠨ᠂ ︽ᠳᠠᠷᠤᠢ ᠲᠦᠷᠭᠡᠨ ᠵᠠᠰᠠᠬᠤ︾ ᠪᠠ ︽ᠤᠷᠲᠤ | ᠬᠤᠭᠤᠴᠠᠭ᠎ᠠ ᠪᠠᠷ ᠳᠣᠭᠲᠠᠭᠠᠬᠤ︾ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠭᠤᠷᠪᠠ ᠳᠤ᠂ ᠡᠭᠦᠳᠡ ᠪᠠᠨ | ᠨᠡᠭᠡᠭᠡᠬᠦ ᠬᠥᠮᠦᠵᠢᠯ ᠢ ᠰᠠᠶᠢᠲᠤᠷ ᠠᠳᠬᠤᠵᠤ᠂ ᠣᠯᠠᠨ ᠲᠦᠮᠡᠨ ᠤ ᠬᠦᠷᠲᠡᠭᠡᠮᠵᠢᠲᠦ ᠰᠡᠳᠬᠢᠯᠭᠡ ᠶᠢ ᠨᠡᠮᠡᠭᠳᠡᠭᠦᠯᠦᠨ᠎ᠡ᠃ | ︽ᠳᠥᠷᠪᠡ ᠶᠢ ᠦᠨᠳᠦᠰᠦᠨ ᠱᠠᠲᠤ ᠳᠤ ᠪᠠᠭᠤᠯᠭᠠᠬᠤ︾ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠬᠠᠷᠢᠶ᠎ᠠ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠣᠯᠠᠨ ᠲᠦᠮᠡᠨ ᠤ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠣᠯᠠᠨ ᠲᠦᠮᠡᠨ ᠤ ᠬᠦᠴᠢᠷᠳᠡᠯᠲᠡᠢ ᠠᠰᠠᠭᠤᠳᠠᠯ ᠢ ᠢᠳᠡᠪᠬᠢᠲᠡᠢ ᠰᠢᠢᠳᠪᠦᠷᠢᠯᠡᠨ᠂ ᠵᠢᠩᠬᠢᠨᠢ ᠰᠤᠷᠤᠯᠴᠠᠯᠭ᠎ᠠ | ᠬᠥᠮᠦᠵᠢᠯ ᠤᠨ ᠦᠷ᠎ᠡ ᠪᠥᠲᠦᠮᠵᠢ ᠪᠠᠷ ᠠᠷᠠᠳ ᠣᠯᠠᠨ ᠤ ᠬᠦᠷᠲᠡᠭᠡᠮᠵᠢᠲᠦ ᠰᠡᠳᠬᠢᠯᠭᠡ ᠪᠠ ᠬᠠᠨᠤᠮᠵᠢ ᠶᠢᠨ | ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ |